蒙古文网站Logo
ᠰᠢᠨᠬᠤᠸᠠ ᠮᠤᠩᠭ᠋ᠤᠯ ᠨᠧᠲ

2017 ᠳᠤᠮᠳᠠᠳᠤ ᠤᠯᠤᠰ ᠤᠨ ᠪᠤᠺᠰ ᠤᠨ ᠠᠪᠤᠷᠭᠤ ᠶᠢᠨ ᠲᠡᠮᠡᠴᠡᠬᠡᠨ ᠤ ᠰᠢᠶᠠᠮᠧᠨ  ᠥᠷᠲᠡᠬᠡᠨ ᠤ ᠲᠡᠮᠡᠴᠡᠭᠡᠨ12 ᠰᠠᠷ᠎ᠠ ᠳᠤ ᠶᠠᠪᠤᠭᠳᠠᠨ᠎ᠠ

2017-11-14 12:16

11 ᠰᠠᠷ᠎ᠠ ᠶᠢᠨ 13 ᠤ ᠡᠳᠦᠷ᠂ ᠤᠯᠤᠰ ᠲᠠᠶᠠᠭᠠᠷ ᠤᠨ ᠪᠡᠶ᠎ᠡ ᠶᠢᠨ ᠳᠠᠮᠢᠷ ᠤᠨ ᠴᠢᠭᠤᠯᠭᠠᠨ ᠤ ᠪᠤᠺᠰ ᠤᠨ 56 ᠺᠢᠯᠤᠭ᠍ᠷᠠᠮ ᠬᠦᠨᠳᠤ ᠶᠢᠨ ᠵᠢᠩ ᠤᠨ ᠲᠡᠮᠡᠴᠡᠬᠡᠨ ᠳᠤ ᠮᠠᠩᠯᠠᠶᠢᠯᠠᠬᠰᠠᠨ ᠭᠤᠤ ᠯᠢᠨ ᡁᠢ ᠬᠡᠪᠯᠡᠯ ᠮᠡᠳᠡᠭᠡᠯᠡᠯ ᠤᠨ ᠬᠤᠷᠠᠯ  ᠢᠶᠡᠷ ᠳᠤᠮᠳᠠᠳᠤ ᠤᠯᠤᠰ ᠤᠨ ᠪᠤᠺᠰ ᠤᠨ ᠠᠪᠤᠷᠭᠤ ᠶᠢᠨ ᠠᠯᠳᠠᠨ ᠪᠦᠰᠡ ᠪᠠᠨ ᠤᠯᠠᠨ ᠳᠤ ᠰᠣᠨᠢᠷᠬᠠᠭᠤᠯᠵᠤ ᠪᠤᠢ

    ᠲᠤᠰ ᠡᠳᠦᠷ᠂ 2017 ᠳ᠋ᠠ ᠲᠠᠩ ᠭᠠᠵᠠᠷ ᠤᠨ ᠦᠮᠴᠢ ᠳᠤᠮᠳᠠᠳᠤ ᠤᠯᠤᠰ ᠤᠨ ᠪᠤᠺᠰ ᠤᠨ ᠠᠪᠤᠷᠭᠤ ᠶᠢᠨ ᠲᠡᠮᠡᠴᠡᠬᠡᠨ ᠤ ᠰᠢᠶᠠᠮᠧᠨ ᠥᠷᠲᠡᠬᠡᠨ ᠳᠡᠬᠢ ᠲᠡᠮᠡᠴᠡᠭᠡᠨ ᠤ ᠬᠡᠪᠯᠡᠯ ᠮᠡᠳᠡᠭᠡᠯᠡᠯ ᠤᠨ ᠬᠤᠷᠠᠯ ᠰᠢᠶᠠᠮᠧᠨ ᠳᠤ ᠶᠠᠪᠤᠭᠳᠠᠪᠠ᠃ ᠲᠡᠮᠡᠴᠡᠬᠡᠨ ᠤ ᠵᠣᠬᠢᠶᠠᠨ ᠪᠠᠶᠢᠭᠤᠯᠬᠤ ᠺᠣᠮᠢᠰ ᠤᠨ ᠲᠠᠨᠢᠯᠴᠠᠭᠤᠯᠤᠭᠰᠠᠨ ᠢᠶᠡᠷ᠂ ᠳᠤᠮᠳᠠᠳᠤ ᠤᠯᠤᠰ ᠤᠨ ᠪᠤᠺᠰ ᠤᠨ ᠠᠪᠤᠷᠭᠤ ᠶᠢᠨ ᠲᠡᠮᠡᠴᠡᠬᠡᠨ ᠤ ᠰᠢᠶᠠᠮᠧᠨ ᠥᠷᠲᠡᠬᠡᠨ ᠳᠡᠬᠢ ᠲᠡᠮᠡᠴᠡᠭᠡᠨ ᠲᠤᠰᠪᠤᠷᠢ ᠥᠨᠦ ᠵᠢᠯ ᠤᠨ 12 ᠰᠠᠷ᠎ᠠ ᠶᠢᠨ 2 ᠤᠨ ᠡᠳᠦᠷ ᠪᠤᠯᠤᠨ 2018 ᠤᠨ ᠤ 1 ᠰᠠᠷ᠎ᠠ ᠶᠢᠨ 15 ᠤ ᠡᠳᠦᠷ ᠰᠢᠶᠠᠮᠧᠨ ᠤ ᠠᠵᠢᠯᠲᠠᠨ ᠤ ᠪᠡᠶ᠎ᠠ ᠶᠢᠨ ᠲᠠᠮᠢᠷ ᠤᠨ ᠤᠷᠳᠤᠨ ᠳᠤ ᠵᠣᠬᠢᠶᠠᠨ ᠪᠠᠶᠢᠭᠤᠯᠤᠭᠳᠠᠨ᠎ᠠ᠂ ᠲᠤᠬᠠᠢ ᠶᠢᠨ ᠴᠠᠭ ᠲᠤ 49 ᠺᠢᠯᠤᠭ᠍ᠷᠠᠮ ᠬᠦᠨᠳᠤ ᠶᠢᠨ ᠵᠢᠩ ᠪᠠ 91 ᠺᠢᠯᠤᠭ᠍ᠷᠠᠮ ᠬᠦᠨᠳᠤ ᠶᠢᠨ ᠵᠢᠩ ᠤᠨ ᠠᠯᠳᠠᠨ ᠪᠦᠰᠡ ᠶᠢ ᠭᠠᠷᠳᠠᠭᠤᠯᠤᠨ᠎ᠠ᠃ (ᠵᠢᠷᠤᠭ ᠢ ᠰᠢᠨᠬᠤᠧᠠ ᠬᠤᠷᠢᠶ ᠠ ᠶᠢᠨ ᠰᠤᠷᠪᠤᠯᠵᠢᠯᠠᠬᠴᠢ ᠸᠧᠢ ᠫᠧᠢ ᠴᠢᠤᠧᠠᠨ)

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121953241