蒙古文网站Logo
ᠰᠢᠨᠬᠤᠸᠠ ᠮᠤᠩᠭ᠋ᠤᠯ ᠨᠧᠲ

《ᠤᠷᠳᠤᠰ ᠡᠷᠴᠢ》 ᠤᠯᠠᠨ ᠤᠯᠤᠰ ᠤᠨ ᠮᠣᠩᠭ᠋ᠤᠯ ᠪᠦᠬᠡ ᠶᠢᠨ ᠠᠯᠳᠠᠨ ᠪᠦᠰᠡ ᠶᠢᠨ ᠲᠡᠮᠡᠴᠡᠭᠡᠨ ᠳᠤ ᠴᠠᠭᠠᠨᠵᠠᠭᠠᠨ ᠲᠠᠷᠢᠭᠦᠯᠡᠯ᠎ᠠ

2017-11-19 14:41

    11 ᠰᠠᠷ᠎ᠠ ᠶᠢᠨ 18 ᠤ ᠡᠳᠦᠷ᠂ 《ᠤᠷᠳᠤᠰ ᠡᠷᠴᠢ》ᠳᠦᠷᠪᠡᠳᠤᠭᠡᠷ ᠬᠤᠭᠤᠴᠠᠭᠠᠨ ᠤ ᠤᠯᠠᠨ ᠤᠯᠤᠰ ᠤᠨ ᠮᠣᠩᠭ᠋ᠤᠯ ᠪᠦᠬᠡ ᠶᠢᠨ ᠠᠯᠳᠠᠨ ᠪᠦᠰᠡ ᠶᠢᠨ ᠲᠡᠮᠡᠴᠡᠭᠡᠨ ᠤᠷᠳᠤᠰ ᠬᠤᠲᠠ ᠶᠢᠨ ᠪᠡᠶ᠎ᠠ ᠶᠢᠨ ᠲᠠᠮᠢᠷ ᠤᠨ ᠲᠦᠪ ᠲᠤ ᠥᠪᠡᠳᠡᠭᠰᠢ ᠶᠡᠬᠡᠪᠡᠷ ᠶᠠᠪᠤᠭᠳᠠᠯ᠎ᠠ᠃ ᠬᠤᠷᠴᠠ ᠰᠢᠷᠦᠬᠦᠨ ᠦᠷᠢᠰᠦᠯᠳᠦᠬᠡᠨ ᠤ ᠳ᠋ᠦᠩ ᠳᠤ ᠥᠪᠦᠷ ᠮᠣᠩ᠋ᠭᠤᠯ ᠤᠨ ᠳᠦᠷᠪᠡᠨ ᠰᠤᠳᠤᠨ ᠪᠦᠬᠡ ᠥᠯᠵᠡᠶᠢᠪᠠᠭᠠᠲᠤᠷ᠂ ᠰᠡᠴᠡᠨᠪᠢᠯᠢᠭ᠌᠂ ᠴᠠᠭᠠᠨᠵᠠᠭᠠᠨ᠂ ᠬᠡᠬᠡᠷᠡᠬᠦ ᠨᠠᠷ ᠰᠢᠪᠦᠬᠡ ᠶᠢᠨ ᠳᠦᠷᠪᠡ ᠳᠤ ᠰᠢᠯᠭᠠᠷᠠᠵᠤ᠂ ᠡᠴᠤᠰ ᠲᠤ ᠪᠠᠷᠠᠭᠤᠨ ᠦᠵᠦᠮᠦᠴᠢᠨ ᠤ ᠴᠠᠭᠠᠨᠵᠠᠭᠠᠨ ᠠᠯᠲᠠᠨ ᠪᠦᠰᠡ ᠶᠢᠨ ᠰᠢᠨ᠎ᠠ ᠡᠵᠡᠨ ᠢᠶᠡᠷ ᠲᠤᠳᠤᠷᠠᠯ᠎ᠠ᠃

    ᠲᠤᠰ ᠬᠤᠭᠤᠴᠠᠭᠠᠨ ᠤ ᠠᠯᠲᠠᠨ ᠪᠦᠰᠡ ᠶᠢᠨ ᠲᠡᠮᠡᠴᠡᠭᠡᠨ ᠢ ᠥᠪᠦᠷ ᠮᠣᠩ᠋ᠭᠤᠯ ᠤᠨ ᠤᠷᠳᠤᠰ ᠬᠤᠲᠠ ᠶᠢᠨ ᠡᠷᠴᠢ ᠬᠢᠵᠠᠭᠠᠷᠲᠤ ᠺᠤᠮᠫᠠᠨᠢ᠂ ᠤᠷᠳᠤᠰ ᠬᠤᠲᠠ ᠶᠢᠨ ᠪᠦᠬᠡ ᠶᠢᠨ ᠨᠡᠶᠢᠬᠡᠮᠯᠢᠭ᠌ ᠡᠴᠡ ᠰᠠᠨᠠᠭᠠᠴᠢᠯᠠᠵᠤ᠂ ᠪᠡᠬᠡᠵᠢᠩ ᠤᠨ ᠡᠷᠡᠨ ᠵᠠᠭᠤᠨ ᠤ ᠠᠵᠢᠨᠠᠢ ᠰᠤᠶᠤᠯ ᠵᠠᠭᠤᠴᠢ ᠶᠢᠨ ᠬᠢᠵᠠᠭᠠᠷᠲᠤ ᠺᠤᠮᠫᠠᠨᠢ ᠪᠤᠯᠤᠨ ᠡᠵᠡᠨ ᠬᠤᠷᠤᠭ᠎ᠠ ᠬᠤᠰᠢᠭᠤᠨ ᠤ ᠨᠡᠭᠦᠷᠡᠰᠦᠨ ᠤ ᠶᠠᠪᠤᠳᠠᠯ ᠤᠨ ᠬᠢᠵᠠᠭᠠᠷᠲᠤ ᠺᠤᠮᠫᠠᠨᠢ ᠡᠴᠡ ᠵᠣᠬᠢᠶᠠᠨ ᠪᠠᠶᠢᠭᠤᠯᠪᠠ᠃

    ᠠᠯᠲᠠᠨ ᠪᠦᠰᠡ ᠶᠢᠨ ᠲᠡᠮᠡᠴᠡᠬᠡᠨ ᠨᠢ ᠡᠨᠡ ᠵᠢᠯ ᠳᠦᠷᠪᠡᠳᠡᠬᠢ ᠬᠤᠭᠤᠴᠠᠭ᠎ᠠ ᠶᠠᠪᠤᠭᠳᠠᠵᠤ᠂ ᠥᠷᠬᠡᠨ ᠤᠯᠠᠨ ᠮᠣᠩᠭ᠋ᠤᠯᠴᠤᠳ ᠤᠨ ᠠᠩᠬᠠᠷᠤᠯ ᠳᠤ ᠬᠦᠷᠴᠤ᠂ ᠲᠡᠷᠡᠴᠢᠯᠡᠨ ᠳᠡᠯᠡᠬᠡᠢ ᠶᠢᠨ ᠮᠣᠩᠭ᠋ᠤᠯᠴᠤᠳ ᠤᠨ ᠬᠦᠰᠡᠨ ᠬᠦᠯᠢᠶᠡᠳᠡᠭ ᠮᠣᠩᠭ᠋ᠤᠯ ᠪᠦᠬᠡ ᠶᠢᠨ ᠨᠠᠭᠠᠳᠤᠮ ᠪᠤᠯᠤᠭᠰᠠᠨ ᠬᠡᠯᠳᠡᠢ᠃ ᠡᠨᠡ ᠵᠢᠯ ᠤᠨ ᠠᠯᠲᠠᠨ ᠪᠦᠰᠡ ᠶᠢᠨ ᠲᠡᠮᠡᠴᠡᠬᠡᠨ ᠳᠤ ᠮᠣᠩᠭ᠋ᠤᠯ ᠤᠯᠤᠰ ᠡᠴᠡ 3 ᠤᠯᠤᠰ ᠤᠨ ᠠᠷᠰᠯᠠᠨ ᠲᠦᠷᠦᠭᠦᠳᠡᠢ 21 ᠪᠦᠬᠡᠴᠢᠨ ᠵᠤᠳᠤᠭᠯᠠᠬᠰᠠᠨ ᠪᠠ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠳᠠᠬᠤ ᠲᠤᠧᠠ ᠤᠯᠤᠰ᠂ ᠠᠮᠧᠷᠢᠺᠠ᠂ ᠺᠠᠨᠠᠳᠠ᠂ ᠠᠦ᠋ᠰᠲ᠋ᠷᠠᠯᠢᠶ᠎ᠠ ᠵᠡᠷᠭᠡ ᠤᠯᠤᠰ ᠤᠨ ᠪᠦᠬᠡᠴᠤᠳ ᠵᠤᠳᠤᠬᠯᠠᠵᠤ᠂ ᠥᠪᠦᠷ ᠮᠣᠩᠭ᠋ᠤᠯ ᠤᠨ ᠡᠯ᠎ᠠ ᠬᠤᠰᠢᠭᠤ ᠠᠶᠢᠮᠠᠭ ᠤᠨ ᠬᠠᠮᠤᠭ ᠤᠨ ᠰᠢᠯᠢᠳᠡᠭ ᠰᠤᠳᠤᠨ ᠪᠦᠬᠡᠴᠤᠳ ᠲᠠᠢ ᠨᠡᠶᠢᠲᠠ 256 ᠰᠢᠯᠢᠳᠡᠭ ᠪᠦᠬᠡᠴᠢᠨ ᠵᠤᠳᠤᠭᠯᠠᠨ ᠠᠯᠲᠠᠨ ᠪᠦᠰᠡ ᠶᠢᠨ ᠡᠵᠡᠨ ᠪᠤᠯᠬᠤ ᠪᠡᠷ ᠬᠦᠴᠦ ᠤᠬᠠᠭᠠᠨ ᠢᠶᠡᠨ ᠰᠤᠷᠢᠯᠴᠠᠬᠰᠠᠨ ᠶᠤᠮ᠃

ᠢᠷᠡᠯᠳᠡ᠄ ᠥᠪᠦᠷ ᠮᠣᠩ᠋ᠭᠤᠯ ᠤᠨ ᠡᠳᠦᠷ ᠤᠨ ᠰᠣᠨᠢᠨ ᠤ ᠠᠯᠪᠠᠨ ᠤ ᠸᠢᠴᠠᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121978290