蒙古文网站Logo
ᠰᠢᠨᠬᠤᠸᠠ ᠮᠤᠩᠭ᠋ᠤᠯ ᠨᠧᠲ

ᠤᠷᠤᠨ ᠳᠠᠶᠠᠭᠠᠷ ᠤᠨ ᠦᠳᠦᠨ ᠪᠦᠮᠪᠦᠭᠡ ᠶᠢᠨ ᠤᠷᠢᠯᠭ᠎ᠠ ᠶᠢᠨ ᠲᠡᠮᠡᠴᠡᠭᠡᠨ ᠬᠦᠬᠡᠬᠤᠲᠠ ᠳᠤ ᠡᠬᠢᠯᠡᠪᠡ

2017-11-27 17:05

    11 ᠰᠠᠷ᠎ᠠ ᠶᠢᠨ 25 ᠤ ᠡᠳᠦᠷ ᠤᠨ ᠦᠳᠡ ᠡᠴᠡ ᠡᠮᠦᠨ᠎ᠠ᠂ 2017 ᠤᠨ ᠤ ᠦᠪᠦᠷ ᠮᠣᠩᠭᠣᠯ ᠤᠨ ᠪᠦᠬᠦ ᠢᠷᠭᠡᠳ ᠢᠶᠡᠷ ᠢᠶᠡᠨ ᠪᠡᠶ᠎ᠠ ᠴᠢᠬᠢᠷᠠᠭᠵᠢᠭᠤᠯᠬᠤ ᠦᠢᠯᠡᠴᠢᠯᠡᠭᠡᠨ ᠤ ᠲᠦᠪ ᠤᠨ ᠳᠦᠷᠪᠡᠳᠦᠭᠡᠷ ᠬᠤᠭᠤᠴᠠᠭᠠᠨ ᠤ《ᠳ᠋ᠠ ᠯᠸ ᠲᠸᠦ ᠴᠤᠮᠤ》 ᠦᠳᠦᠨ ᠪᠦᠮᠪᠦᠭᠡ ᠶᠢᠨ ᠤᠷᠢᠯᠭ᠎ᠠ ᠶᠢᠨ ᠲᠡᠮᠡᠴᠡᠭᠡᠨ ᠳᠤᠰ ᠲᠦᠪ ᠲᠤ ᠡᠬᠢᠯᠡᠪᠡ᠃

    ᠤᠶᠢᠯᠠᠭᠠᠭᠰᠠᠨ ᠢᠶᠡᠷ᠂ ᠳᠤᠰ ᠤᠳᠠᠭᠠᠨ ᠤ ᠲᠡᠮᠡᠴᠡᠭᠡᠨ ᠨᠢ《ᠠᠮᠢᠳᠤᠯᠢᠭ ᠢᠶᠡᠷ ᠲᠡᠮᠡᠴᠡᠭᠡᠨ ᠡᠷᠭᠢᠯᠡᠵᠤ᠂ ᠤᠯᠠᠨ ᠨᠡᠶᠢᠲᠡ ᠳᠤ ᠦᠢᠯᠡᠴᠢᠯᠡᠨ᠂ ᠪᠦᠬᠦ ᠢᠷᠭᠡᠳ ᠤᠨ ᠪᠡᠶ᠎ᠠ ᠪᠡᠨ ᠴᠢᠬᠢᠷᠠᠭᠵᠢᠭᠤᠯᠬᠤ ᠬᠦᠳᠡᠯᠭᠡᠭᠡᠨ ᠢ ᠠᠬᠢᠭᠤᠯᠬᠤ》 ᠪᠡᠷ ᠵᠤᠷᠢᠯᠭ᠎ᠠ ᠪᠡᠨ ᠪᠤᠯᠭᠠᠪᠠ᠂ ᠤᠳᠤ ᠨᠢᠭᠡᠨᠲᠠ ᠭᠤᠷᠪᠠᠨ ᠬᠤᠭᠤᠴᠠᠭ᠎ᠠ ᠵᠤᠬᠢᠶᠠᠨ ᠪᠠᠶᠢᠭᠤᠯᠤᠭᠠᠳ ᠪᠤᠢ᠃ ᠲᠤᠰ ᠤᠳᠠᠭᠠᠨ ᠤ ᠲᠡᠮᠡᠴᠡᠭᠡᠨ ᠳᠤ ᠤᠷᠤᠨ ᠳᠠᠶᠠᠭᠠᠷ ᠤᠨ ᠡᠯ᠎ᠠ ᠠᠵᠢᠯ ᠲᠦᠷᠦᠯ ᠤᠨ 45 ᠲᠦᠯᠦᠭᠡᠯᠡᠬᠦ ᠪᠠᠭ ᠤᠨ 350 ᠭᠠᠷᠤᠢ ᠲᠡᠮᠢᠷᠴᠢᠨ ᠤᠷᠤᠯᠴᠠᠵᠤ᠂ ᠤᠷᠤᠯᠴᠠᠭᠰᠠᠨ ᠲᠠᠮᠢᠷᠴᠢᠳ ᠤᠨ ᠲᠤᠭ᠎ᠠ ᠬᠠᠮᠤᠭ ᠤᠨ ᠠᠷᠪᠢᠨ ᠤᠳᠠᠭ᠎ᠠ ᠪᠤᠯᠪᠠ᠃ ᠬᠤᠷᠠᠮᠳᠤᠯᠠᠯ ᠤᠨᠤᠭ᠎ᠠ ᠶᠢᠨ ᠲᠡᠮᠡᠴᠡᠭᠡᠨ ᠤ ᠳᠦᠷᠢᠮ ᠢᠶᠡᠷ ᠶᠠᠪᠤᠭᠳᠠᠵᠤ᠂ ᠨᠡᠶᠢᠭᠡᠮ ᠤᠨ ᠪᠠᠭ ᠪᠤᠯᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠭ ᠬᠡᠮᠡᠨ ᠬᠤᠶᠠᠷ ᠪᠠᠭ ᠬᠤᠪᠢᠶᠠᠨ ᠤᠷᠤᠯᠳᠤᠪᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122018365