蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠮᠤᠤᠠᠤᠰᠤ ᠶᠢᠨ ᠡᠯᠡᠰᠦ ᠶᠢ ᠶᠠᠪᠠᠭᠠᠨ ᠢᠶᠡᠷ ᠲᠤᠭᠤᠯᠬᠤ ᠲᠡᠮᠡᠴᠡᠬᠡᠨ ᠤᠳᠤᠭ ᠬᠤᠰᠢᠭᠤᠨ ᠳᠤ ᠨᠡᠬᠡᠬᠡᠯᠲᠠ ᠪᠡᠨ ᠬᠢᠪᠠ

2017-11-28 17:26

    ᠰᠢᠨᠬᠤᠧᠠ ᠨᠧᠲ   ᠬᠦᠬᠡᠬᠤᠲᠠ ᠶᠢᠨ 11 ᠰᠠᠷ᠎ᠠ ᠶᠢᠨ 27 ᠤ ᠡᠳᠦᠷ ᠤᠨ ᠴᠠᠬᠢᠯᠭᠠᠨ ᠮᠡᠳᠡᠭᠡ  11 ᠰᠠᠷ᠎ᠠ ᠶᠢᠨ 26 ᠤ ᠡᠳᠦᠷ᠂ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠮᠤᠤᠠᠤᠰᠤ ᠶᠢᠨ ᠡᠯᠡᠰᠦ ᠶᠢ ᠶᠠᠪᠠᠭᠠᠨ ᠢᠶᠡᠷ ᠲᠤᠭᠤᠯᠬᠤ ᠲᠡᠮᠡᠴᠡᠬᠡᠨ ᠤᠳᠤᠭ ᠬᠤᠰᠢᠭᠤᠨ ᠳᠤ ᠨᠡᠬᠡᠬᠡᠯᠲᠠ ᠪᠡᠨ ᠬᠢᠪᠠ᠃ ᠲᠤᠰ ᠤᠳᠠᠭᠠᠨ ᠤ ᠲᠡᠮᠡᠴᠡᠭᠡᠨ ᠢ ᠥᠪᠦᠷ ᠮᠣᠩ᠋ᠭᠤᠯ ᠤᠨ ᠥᠪᠡᠷᠲᠡᠬᠡᠨ ᠵᠠᠰᠠᠬᠤ ᠤᠷᠤᠨ ᠤ ᠪᠡᠶ᠎ᠠ ᠶᠢᠨ ᠲᠠᠮᠢᠷ ᠤᠨ ᠲᠤᠪᠴᠢᠶᠠᠨ ᠡᠴᠡ ᠰᠠᠨᠠᠭᠠᠴᠢᠯᠠᠵᠤ᠂ ᠤᠷᠳᠤᠰ ᠬᠤᠲᠠ ᠶᠢᠨ ᠪᠡᠶ᠎ᠠ ᠶᠢᠨ ᠲᠠᠮᠢᠷ ᠤᠨ ᠲᠤᠪᠴᠢᠶ᠎ᠠ᠂ ᠤᠳᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠵᠣᠬᠢᠶᠠᠨ ᠪᠠᠶᠢᠭᠤᠯᠵᠡᠢ᠃

    ᠥᠪᠦᠷ ᠮᠣᠩᠭ᠋ᠤᠯ ᠤᠨ ᠬᠦᠬᠡᠬᠤᠲᠠ᠂ ᠤᠷᠳᠤᠰ᠂ ᠦᠬᠠᠢ ᠵᠢᠴᠢ ᠨᠢᠩᠰᠢᠶᠠ ᠶᠢᠨ ᠢᠷᠭᠠᠢ ᠵᠡᠷᠭᠡ ᠪᠦᠰᠡ ᠨᠤᠲᠤᠭ ᠡᠴᠡ ᠢᠷᠡᠭᠰᠡᠨ 300 ᠭᠠᠷᠤᠢ ᠶᠠᠪᠠᠭᠠᠨ ᠢᠶᠡᠷ ᠡᠯᠡᠰᠦ  ᠲᠤᠭᠤᠯᠬᠤ ᠦᠷᠢᠰᠦᠯᠳᠦᠭᠴᠢ ᠲᠡᠮᠡᠴᠡᠬᠡᠨ ᠳᠤ ᠤᠷᠤᠯᠴᠠᠬᠰᠠᠨ ᠪᠠᠶᠢᠨ᠎ᠠ᠃ ᠡᠬᠦᠨ ᠳᠤ᠂ ᠲᠤᠰᠬᠠᠢ ᠮᠡᠷᠭᠡᠵᠢᠯ ᠤᠨ ᠪᠠᠭ ᠤᠨ ᠬᠢᠨ ᠬᠠᠭᠠᠰ ᠨᠢ ᠡᠯᠡᠰᠦ ᠬᠠᠭᠠᠰ ᠨᠢ ᠵᠠᠰᠠᠮᠠᠯ ᠵᠠᠮ ᠪᠦᠬᠦᠢ 25 ᠺᠢᠯᠤᠮᠧᠲ᠋ᠷ ᠤᠨ ᠤᠷᠲᠤ ᠲᠠᠢ ᠲᠡᠮᠡᠴᠡᠬᠡᠨ ᠤ ᠵᠠᠮ ᠢᠶᠡᠷ ᠦᠷᠢᠰᠦᠯᠳᠤᠪᠠ᠂ ᠢᠷᠭᠡᠳ ᠤᠨ ᠪᠡᠶ᠎ᠠ ᠪᠡᠨ ᠪᠤᠯᠪᠠᠰᠤᠷᠠᠭᠤᠯᠬᠤ ᠪᠠᠭ ᠤᠨ ᠬᠢᠨ 10 ᠺᠢᠯᠤᠮᠧᠲ᠋ᠷ ᠤᠨ ᠨᠠᠭᠤᠷ ᠲᠤᠭᠤᠷᠢᠬᠰᠠᠨ ᠲᠡᠮᠡᠴᠡᠭᠡᠨ ᠤ ᠵᠠᠮ ᠢᠶᠡᠷ ᠦᠷᠢᠰᠦᠯᠳᠦᠭᠰᠡᠨ ᠪᠠᠶᠢᠨ᠎ᠠ᠃

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122025129