蒙古文网站Logo
ᠰᠢᠨᠬᠤᠸᠠ ᠮᠤᠩᠭ᠋ᠤᠯ ᠨᠧᠲ

ᠰᠢᠨᠵᠢᠶᠠᠩ ᠤᠨ ᠪᠠᠶᠠᠨᠭᠤᠤᠯ ᠵᠧᠤ᠄ ᠡᠮᠡᠭᠲᠡᠢ ᠶᠢᠨ ᠬᠦᠯ ᠪᠦᠮᠪᠦᠬᠡ ᠶᠢᠨ ᠨᠠᠭᠠᠳᠤᠮ

2017-11-29 16:41

2017 ᠤᠨ ᠤ 11 ᠰᠠᠷ᠎ᠠ ᠶᠢᠨ 28 ᠤ ᠡᠳᠤᠷ᠂ ᠰᠢᠨᠵᠢᠶᠠᠩ ᠤᠨ ᠪᠠᠶᠠᠨᠭᠤᠤᠯ ᠮᠤᠩᠭ᠋ᠤᠯ ᠦᠪᠡᠷᠳᠡᠬᠡᠨ ᠵᠠᠰᠠᠬᠤ ᠵᠧᠤ ᠶᠢᠨ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠬᠦᠯ ᠪᠦᠮᠪᠦᠬᠡ ᠶᠢᠨ ᠲᠠᠯᠠᠪᠤᠷ ᠲᠤ ᠡᠮᠡᠭᠲᠡᠢ ᠰᠤᠷᠤᠭᠴᠢᠳ ᠪᠤᠯᠪᠠᠰᠤᠷᠠᠵᠤ ᠪᠤᠢ (ᠵᠢᠷᠤᠭ ᠢ ᠰᠢᠨᠵᠢᠶᠠᠩ ᠤᠨ《ᠪᠠᠶᠠᠨᠭᠤᠤᠯ ᠡᠳᠤᠷ ᠤᠨ ᠰᠤᠨᠢᠨ 》 ᠤ᠋ ᠰᠤᠷᠪᠤᠯᠵᠢᠯᠠᠭᠴᠢ ᠴᠦ᠋‍᠊᠍•ᠬᠤᠷᠠᠢ)

    ᠲᠤᠰ ᠡᠳᠤᠷ᠂ ᠰᠢᠨᠵᠢᠶᠠᠩ ᠤᠨ ᠪᠠᠶᠠᠨᠭᠤᠤᠯ ᠵᠧᠤ ᠶᠢᠨ 《 2017 ᠤᠨ ᠤ ᠤᠯᠠᠨ ᠤᠯᠤᠰ ᠤᠨ ᠬᠦᠯ ᠪᠦᠮᠪᠦᠬᠡ ᠶᠢᠨ ᠬᠤᠯᠪᠤᠭᠠᠳᠤ ᠲᠡᠮᠡᠴᠡᠬᠡᠨ ᠤ ᠡᠮᠡᠭᠲᠡᠢ ᠰᠤᠷᠤᠭᠴᠢᠳ ᠤᠨ ᠬᠦᠯ ᠪᠦᠮᠪᠦᠬᠡ ᠶᠢᠨ ᠨᠠᠭᠠᠳᠤᠮ》ᠺᠦᠷᠡᠯ᠎ᠡ ᠬᠤᠳᠠ ᠳᠤ ᠵᠤᠬᠢᠶᠠᠨ ᠪᠠᠶᠢᠭᠤᠯᠤᠭᠳᠠᠪᠠ᠃ ᠪᠠᠶᠠᠨᠭᠤᠤᠯ ᠵᠧᠤ ᠶᠢᠨ ᠲᠤᠮᠳᠠᠳᠤ ᠪᠠᠭ᠎ᠠ ᠰᠤᠷᠭᠠᠭᠤᠯᠢ ᠶᠢᠨ ᠬᠦᠯ ᠪᠦᠮᠪᠦᠬᠡ ᠶᠢᠨ 104 ᠡᠮᠡᠭᠲᠡᠢ ᠬᠡᠰᠢᠬᠦᠨ ᠪᠠᠶᠠᠨᠭᠤᠤᠯ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠲᠠᠮᠢᠷ ᠤᠨ ᠲᠠᠯᠠᠪᠤᠷ ᠲᠤ ᠪᠠᠶᠠᠷ ᠬᠦᠷ ᠲᠠᠢ ᠪᠡᠷ ᠪᠦᠮᠪᠦᠬᠡ ᠢᠰᠬᠦᠯᠦᠨ ᠬᠦᠶᠦᠯᠳᠤᠨ᠎ᠡ᠃

    《 2017 ᠤᠨ ᠤ ᠤᠯᠠᠨ ᠤᠯᠤᠰ ᠤᠨ ᠬᠦᠯ ᠪᠦᠮᠪᠦᠬᠡ ᠶᠢᠨ ᠬᠤᠯᠪᠤᠭᠠᠳᠤ ᠲᠡᠮᠡᠴᠡᠬᠡᠨ ᠤ ᠡᠮᠡᠭᠲᠡᠢ ᠰᠤᠷᠤᠭᠴᠢᠳ ᠤᠨ ᠬᠦᠯ ᠪᠦᠮᠪᠦᠬᠡ ᠶᠢᠨ ᠨᠠᠭᠠᠳᠤᠮ》  ᠢ ᠤᠯᠠᠨ ᠤᠯᠤᠰ ᠤᠨ ᠬᠦᠯ ᠪᠦᠮᠪᠦᠬᠡ ᠶᠢᠨ ᠬᠤᠯᠪᠤᠭᠠᠳᠤ ᠬᠤᠷᠠᠯ᠂ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠳ᠋ᠡᠬᠢ ᠬᠦᠯ ᠪᠦᠮᠪᠦᠬᠡ ᠶᠢᠨ ᠠᠵᠢᠯ ᠤᠨ ᠤᠳᠤᠷᠢᠳᠬᠤ ᠪᠠᠭ ᠤᠨ ᠠᠯᠪᠠᠨ᠂ ᠲᠤᠮᠳᠠᠳᠤ ᠤᠯᠤᠰ ᠤᠨ ᠬᠦᠯ ᠪᠦᠮᠪᠦᠬᠡ ᠶᠢᠨ ᠨᠡᠶᠢᠬᠡᠮᠯᠢᠭ᠌ ᠰᠠᠨᠠᠭᠠᠴᠢᠯᠠᠵᠤ᠂ ᠰᠢᠨᠵᠢᠶᠠᠩ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠬᠡ ᠶᠢᠨ ᠠᠵᠢᠯ ᠤᠨ ᠤᠳᠤᠷᠢᠳᠬᠤ ᠪᠠᠭ ᠤᠨ ᠠᠯᠪᠠᠨ ᠡᠴᠡ ᠲᠠᠭᠠᠭᠠᠴᠢᠯᠠᠨ ᠬᠢᠵᠤ᠂ ᠪᠠᠶᠠᠨᠭᠤᠤᠯ ᠵᠧᠤ ᠶᠢᠨ ᠰᠤᠷᠭᠠᠨ ᠬᠦᠮᠦᠵᠢᠯ ᠤᠨ ᠲᠤᠪᠴᠢᠶᠠᠨ ᠡᠴᠡ ᠬᠠᠮᠳᠤᠷᠠᠨ ᠵᠤᠬᠢᠶᠠᠨ ᠪᠠᠶᠢᠭᠤᠯᠪᠠ᠃

 

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122030685