蒙古文网站Logo
ᠰᠢᠨᠬᠤᠸᠠ ᠮᠤᠩᠭ᠋ᠤᠯ ᠨᠧᠲ

ᠠᠷᠪᠠ ᠶᠢᠰᠦᠳᠦᠭᠡᠷ ᠬᠤᠭᠤᠴᠭᠠᠠᠨ ᠤ ᠳᠤᠮᠳᠠᠳᠤ ᠤᠷᠤᠰ ᠮᠣᠩᠭ᠋ᠤᠯ ᠤᠨ ᠤᠯᠠᠨ ᠤᠯᠤᠰ ᠤᠨ ᠮᠦᠰᠦ ᠴᠠᠰᠤᠨ ᠤ ᠨᠠᠶᠢᠷ ᠮᠠᠨᠵᠤᠤᠷ ᠲᠤ ᠨᠡᠬᠡᠬᠡᠯᠲᠠ ᠪᠡᠨ ᠬᠢᠪᠠ

2017-12-25 11:13

    12 ᠰᠠᠷ᠎ᠠ ᠶᠢᠨ 23 ᠤ ᠡᠳᠦᠷ᠂ ᠳᠤᠮᠳᠠᠳᠤ﹒ᠮᠠᠨᠵᠤᠤᠷ ᠤᠨ ᠠᠷᠪᠠ ᠶᠢᠰᠦᠳᠦᠭᠡᠷ ᠬᠤᠭᠤᠴᠭᠠᠠᠨ ᠤ ᠳᠤᠮᠳᠠᠳᠤ ᠤᠷᠤᠰ ᠮᠣᠩᠭ᠋ᠤᠯ ᠤᠨ ᠤᠯᠠᠨ ᠤᠯᠤᠰ ᠤᠨ ᠮᠦᠰᠦ ᠴᠠᠰᠤᠨ ᠤ ᠨᠠᠶᠢᠷ ᠥᠪᠦᠷ ᠮᠣᠩ᠋ᠭᠤᠯ ᠤᠨ ᠥᠪᠡᠷᠲᠡᠬᠡᠨ ᠵᠠᠰᠬᠠᠤ ᠤᠷᠤᠨ ᠤ ᠮᠠᠨᠵᠤᠤᠷ ᠬᠤᠲᠠ ᠳᠤ ᠨᠡᠬᠡᠬᠡᠯᠲᠠ ᠪᠡᠨ ᠬᠢᠪᠡ᠃ ᠲᠤᠰ ᠬᠤᠭᠤᠴᠠᠭᠠᠨ ᠤ ᠮᠦᠰᠦ ᠴᠠᠰᠤᠨ ᠤ ᠨᠠᠶᠢᠷ ᠨᠢ《ᠮᠦᠰᠦ ᠴᠠᠰᠤᠨ ᠤ ᠰᠦᠭ ᠰᠦᠯᠳᠠ᠂ ᠦᠵᠡᠰᠭᠦᠯᠡᠩᠲᠤ ᠭᠤᠤ᠎ᠠ ᠬᠢᠯᠢ ᠶᠢᠨ ᠬᠤᠲᠠ》ᠪᠡᠷ ᠭᠤᠤᠯ ᠰᠡᠳᠤᠪ ᠪᠤᠯᠭᠠᠵᠤ᠂ ᠮᠠᠨᠵᠤᠤᠷ ᠬᠤᠲᠠ ᠶᠢᠨ ᠨᠠᠮᠤᠭ ᠴᠡᠴᠡᠷᠯᠢᠭ᠌᠌ ᠲᠤ ᠭᠤᠤᠯ ᠰᠡᠳᠤᠪᠲᠤ ᠬᠦᠷᠢᠶᠡᠯᠡᠩ ᠪᠦᠲᠦᠬᠡᠨ ᠪᠠᠶᠢᠭᠤᠯᠤᠭᠠᠳ ᠮᠦᠰᠦ ᠴᠠᠰᠤᠨ ᠤ ᠤᠷᠠᠯᠢᠭ ᠤᠨ ᠦᠵᠡᠮᠵᠢ ᠪᠡᠷ ᠨᠢᠬᠡ ᠤᠳᠠᠭᠠᠨ ᠤ ᠮᠦᠰᠦ ᠴᠠᠰᠤᠨ ᠤ ᠦᠪᠡᠳᠡᠭᠰᠢ ᠳᠠᠶᠢᠯᠠᠯᠭ᠎ᠠ ᠪᠠᠵᠠᠭᠠᠵᠠᠢ᠃

    ᠤᠶᠢᠯᠠᠭᠠᠭᠰᠠᠨ ᠢᠶᠡᠷ᠂ ᠲᠤᠰ ᠬᠤᠭᠤᠴᠠᠭᠠᠨ ᠤ ᠮᠦᠰᠦ ᠴᠠᠰᠤᠨ ᠤ ᠨᠡᠶᠢᠷ ᠤᠨ ᠬᠤᠭᠤᠴᠠᠭᠠᠨ ᠳᠤ ᠮᠦᠰᠦ ᠴᠠᠰᠤᠨ ᠤ ᠰᠤᠶᠤᠯ᠂ ᠮᠦᠰᠦ ᠴᠠᠰᠤᠨ ᠤ ᠪᠡᠶ᠎ᠠ ᠶᠢᠨ ᠲᠠᠮᠢᠷ᠂ ᠮᠦᠰᠦ ᠴᠠᠰᠤᠨ ᠤ ᠵᠢᠭᠤᠯᠴᠢᠯᠠᠯ ᠵᠡᠷᠭᠡ 16 ᠲᠦᠷᠦᠯ ᠤᠨ ᠥᠪᠡᠷᠮᠢᠴᠡ ᠤᠨᠴᠠᠯᠢᠬ ᠲᠠᠢ ᠭᠤᠤᠯ ᠰᠡᠳᠤᠪᠲᠤ ᠠᠵᠢᠯᠯᠠᠭ᠎ᠠ ᠵᠣᠬᠢᠶᠠᠨ ᠪᠠᠶᠢᠭᠤᠯᠤᠭᠳᠠᠵᠤ᠂ ᠢᠷᠡᠬᠦ ᠵᠢᠯ ᠤᠨ 3 ᠰᠠᠷ᠎ᠠ ᠪᠤᠯᠲᠠᠯ᠎ᠠ ᠦᠷᠭᠦᠯᠵᠢᠯᠡᠬᠦ ᠪᠤᠯᠤᠨ᠎ᠠ᠃

    ᠳᠤᠮᠳᠠᠳᠤ ᠤᠷᠤᠰ ᠮᠣᠩᠭ᠋ᠤᠯ ᠤᠨ ᠤᠯᠠᠨ ᠤᠯᠤᠰ ᠤᠨ ᠮᠦᠰᠦ ᠴᠠᠰᠤᠨ ᠤ ᠨᠠᠶᠢᠷ 1999 ᠤᠨ ᠳᠤ ᠪᠠᠶᠢᠭᠤᠯᠤᠭᠳᠠᠬᠰᠠᠨ ᠡᠴᠡ ᠠᠪᠤᠭᠠᠳ ᠤᠳᠤ ᠪᠤᠯᠬᠤ ᠳᠤ ᠨᠢᠬᠡᠨᠲᠠ ᠭᠤᠷᠪᠠᠨ ᠤᠯᠤᠰ ᠤᠨ ᠠᠷᠠᠳ ᠤᠨ ᠪᠠᠶᠠᠷ ᠤᠨ ᠡᠳᠦᠷ ᠤᠨ ᠦᠪᠡᠳᠡᠭ᠍ᠰᠢ ᠴᠤᠭᠯᠠᠭᠠᠨ ᠪᠤᠯᠤᠭᠰᠨ ᠪᠠᠶᠢᠨ᠎ᠠ᠃ (ᠵᠢᠷᠤᠭ ᠢ ᠼᠤᠤ ᠵᠧᠨ)

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701122162562