蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠮᠤᠩᠭ᠋ᠤᠯ ᠰᠤᠳᠤᠯᠤᠯ ᠤᠨ ᠰᠠᠭᠤᠷᠢᠯᠠᠭᠴᠢ- ᠴᠡᠩᠭᠡᠯᠳᠡᠢ

2015-12-05 10:14

    

ᠴᠡᠩᠭᠡᠯᠳᠡᠢ ᠵᠠᠯᠠᠭᠤ ᠳᠠᠭᠠᠨ

    ᠲᠡᠯᠡᠭᠡᠢ ᠶᠢᠨ ᠨᠡᠷᠡᠳᠦ ᠮᠤᠩᠭ᠋ᠤᠯ ᠬᠡᠯᠡᠨ ᠤ ᠡᠷᠳᠡᠮᠳᠡᠨ᠂ ᠠᠯᠳᠠᠷᠳᠤ ᠰᠤᠷᠭᠠᠨ ᠬᠦᠮᠦᠵᠢᠯ ᠤᠨ ᠤᠬᠠᠭᠠᠨᠳᠠᠨ᠂ ᠲᠤᠮᠳᠠᠳᠤ ᠤᠯᠤᠰ ᠤᠨ ᠤᠳᠤ ᠦᠶ᠎ᠡ ᠶᠢᠨ ᠮᠤᠩᠭ᠋ᠤᠯ ᠰᠤᠳᠤᠯᠤᠯ ᠤᠨ ᠰᠠᠭᠤᠷᠢᠯᠠᠭᠴᠢ ᠪᠦᠭᠡᠳ ᠮᠤᠩᠭ᠋ᠤᠯ ᠰᠤᠳᠤᠯᠭᠠᠨ ᠤ ᠦᠢᠯᠡᠰ ᠤᠨ ᠭᠠᠷᠮᠠᠭᠠᠢ ᠤᠳᠤᠷᠢᠳᠤᠭᠴᠢ᠂ ᠮᠠᠨ ᠤ ᠤᠷᠤᠨ ᠤ ᠮᠤᠩᠭ᠋ᠤᠯ ᠬᠡᠯᠡ ᠪᠢᠴᠢᠭ᠌ ᠤᠨ ᠠᠵᠢᠯ ᠤᠨ ᠭᠠᠷᠮᠠᠭᠠᠢ ᠲᠠᠭᠠᠭᠤᠯᠤᠭᠴᠢ᠂ ᠲᠦᠷᠪᠡ᠂ ᠲᠠᠪᠤ᠂ ᠵᠢᠷᠭᠤᠭ᠎ᠠ᠂ ᠲᠤᠯᠤᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠵᠢᠷᠭᠤᠭ᠎ᠠ᠂ ᠲᠤᠯᠤᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭ᠋ᠤ ᠶᠢᠨ ᠬᠤᠷᠢᠶᠠᠨ ᠤ ᠬᠡᠰᠢᠭᠦᠨ᠂ ᠨᠢᠭᠡ᠂ ᠬᠤᠶᠠᠳᠤᠭᠠᠷ ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠵᠡᠷᠭᠡ ᠶᠢᠨ ᠵᠦᠪᠯᠡᠯ ᠤᠨ ᠰᠢᠨᠵᠢᠯᠡᠭᠡᠨ ᠤ ᠰᠠᠯᠠᠭ᠎ᠠ ᠶᠢ ᠬᠢᠨᠠᠨ ᠲᠤᠭᠳᠠᠭᠠᠬᠤ ᠲᠤᠭᠤᠶᠢᠯᠠᠩ ᠤᠨ ᠬᠡᠰᠢᠭᠦᠨ᠂ ᠦᠪᠦᠷ ᠮᠤᠩᠭ᠋ᠤᠯ ᠤᠨ ᠶᠡᠭᠡ ᠰᠤᠷᠭᠠᠭᠤᠯᠢ ᠶᠢᠨ ᠤᠤᠯ ᠤᠨ ᠲᠡᠳ᠋ ᠵᠠᠬᠢᠷᠤᠯ᠂ ᠫᠷᠦᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠴᠡᠩᠭᠡᠯᠳᠡᠢ 2013 ᠤᠨ ᠤ 12 ᠰᠠᠷ᠎ᠠ ᠶᠢᠨ 27᠎ ᠤ ᠦᠷᠯᠦᠭᠡ ᠨᠠᠰᠤ ᠪᠠᠷᠠᠪᠠ᠃ 90 ᠨᠠᠰᠤᠳᠠᠢ᠃

ᠴᠡᠩᠭᠡᠯᠳᠡᠢ ᠬᠡᠷᠭᠡᠢ ᠲᠠᠢ ᠪᠠᠨ

    ᠮᠤᠩᠭ᠋ᠤᠯ ᠬᠡᠯᠡ ᠪᠢᠴᠢᠭ᠌ ᠤᠨ ᠠᠵᠢᠯ ᠤᠨ ᠭᠠᠷᠮᠠᠭᠠᠢ ᠲᠠᠭᠠᠭᠤᠯᠤᠭᠴᠢ

    1924 ᠤᠨ ᠳᠤ ᠴᠡᠩᠬᠡᠯᠳᠡᠢ ᠵᠤᠰᠤᠳᠤ ᠶᠢᠨ ᠴᠢᠭᠤᠯᠭᠠᠨ ᠤ ᠬᠠᠷᠠᠴᠢᠨ ᠲᠤᠮᠳᠠᠳᠤ ᠬᠤᠰᠢᠭᠤ (ᠤᠳᠤ ᠶᠢᠨ ᠨᠢᠩᠴᠧᠩ ᠰᠢᠶᠠᠨ)᠎ ᠶᠢᠨ ᠮᠠᠷᠠᠳᠤ ᠶᠢᠨ ᠬᠤᠷᠤᠭ᠎ᠠ ᠲᠤᠰᠬᠤᠨ ᠳᠤ ᠲᠦᠷᠦᠪᠡ᠃ ᠪᠠᠭ᠎ᠠ ᠳᠠᠭᠠᠨ ᠬᠦᠷᠰᠢ ᠠᠶᠢᠯ ᠤᠨ ᠬᠤᠪᠢ ᠶᠢᠨ ᠰᠤᠷᠭᠠᠭᠤᠯᠢ ᠪᠠ ᠮᠡᠷᠡᠳᠦ ᠶᠢᠨ ᠬᠤᠷᠤᠭ᠎ᠠ ᠶᠢᠨ ᠪᠠᠭ᠎ᠠ ᠰᠤᠷᠭᠠᠭᠤᠯᠢ ᠳᠤ ᠰᠤᠷᠤᠯᠴᠠᠵᠤ ᠶᠠᠪᠤᠭᠰᠠᠨ ᠦᠩᠬᠡᠷᠡᠯᠳᠡ ᠲᠠᠢ᠃ 15 ᠨᠠᠰᠤᠨ ᠳᠠᠭᠠᠨ ᠡᠷᠳᠡᠮ ᠰᠤᠷᠬᠤ ᠬᠦᠰᠡᠯ ᠲᠡᠮᠡᠦᠯᠤᠯ ᠢᠶᠠᠷ ᠨᠤᠳᠤᠭ ᠤᠰᠤᠨ ᠠᠴᠠ ᠪᠠᠨ ᠰᠠᠯᠵᠤ᠂ ᠬᠦᠬᠡᠬᠤᠳᠠ ᠶᠢᠨ ᠮᠤᠩᠭ᠋ᠤᠯ ᠰᠤᠷᠤᠯᠭ᠎ᠠ ᠶᠢᠨ ᠬᠤᠷᠢᠶ᠎ᠠ ᠶᠢᠨ ᠪᠠᠭᠰᠢ ᠶᠢᠨ ᠠᠩᠬᠢ ᠳᠤ ᠰᠢᠯᠭᠠᠭᠳᠠᠨ ᠤᠷᠤᠵᠤ ᠰᠤᠷᠤᠯᠴᠠᠭᠰᠠᠨ ᠪᠦᠬᠡᠳ ᠤᠳᠠᠯ ᠦᠬᠡᠢ ᠴᠢᠭᠤᠯᠠᠯᠳᠤ ᠬᠠᠭᠠᠯᠭ᠎ᠠ ᠳᠠᠬᠢ ᠶᠠᠫᠤᠨ ᠳᠤ ᠤᠴᠢᠵᠤ ᠰᠤᠷᠤᠯᠴᠠᠬᠤ ᠪᠡᠯᠡᠳᠭᠡᠯ ᠰᠤᠷᠭᠠᠭᠤᠯᠢ ᠳᠤ ᠤᠷᠤᠵᠤ᠂ 1941 ᠤᠨ ᠳᠤ ᠶᠠᠫᠤᠨ ᠤᠯᠤᠰ ᠲᠤ ᠬᠦᠷᠪᠡ᠃ ᠬᠠᠷᠢ ᠶᠢᠨ ᠲᠦᠷᠢᠮᠡᠬᠡᠶᠢᠯᠡᠯ ᠳᠤ ᠲᠠᠯᠬᠢᠭᠳᠠᠨ᠂ ᠭᠠᠰᠠᠯᠠᠩ ᠵᠤᠪᠠᠯᠠᠩ ᠳᠤ ᠲᠡᠯᠴᠢᠯᠡᠵᠥ ᠪᠠᠶᠢᠭ᠎ᠠ ᠤᠯᠤᠰ ᠦᠨᠳᠦᠰᠦᠳᠡᠨ ᠢᠶᠠᠨ ᠠᠪᠤᠷᠠᠬᠤ ᠳᠤ ᠶᠠᠮᠠᠷ ᠮᠡᠷᠬᠡᠵᠢᠯ ᠰᠤᠷᠪᠠᠯ ᠲᠡᠭᠡᠷ᠎ᠡ ᠪᠢᠯᠠ? ᠠᠷᠢᠮ ᠨᠢ ᠡᠮᠴᠢ ᠰᠠᠶᠢᠨ᠂ ᠰᠤᠷᠭᠠᠨ ᠬᠦᠮᠥᠵᠢᠯ ᠪᠠᠰᠠ ᠵᠥᠬᠡᠷ ᠬᠡᠬᠦ ᠳᠤ ᠵᠠᠷᠢᠮᠠᠳ ᠨᠢ ᠨᠢᠬᠡ ᠦᠨᠳᠦᠰᠦᠳᠡᠨ ᠳᠤ ᠠᠪᠴᠤ ᠬᠡᠯᠡᠪᠡᠯ ᠪᠠᠶᠢᠭᠠᠯᠢ ᠶᠢᠨ ᠰᠢᠨᠵᠢᠯᠡᠭᠡᠨ ᠤ ᠮᠡᠷᠬᠡᠵᠢᠯ ᠨᠡᠩ ᠴᠢᠬᠤᠯᠠ ᠬᠡᠵᠥ ᠪᠠᠶᠢᠯ᠎ᠠ᠃ ᠲᠤᠬᠠᠢ ᠶᠢᠨ ᠦᠶ᠎ᠠ ᠶᠢᠨ ᠪᠢᠴᠢᠭ᠌ ᠰᠤᠶᠤᠯ ᠲᠠᠢ ᠮᠤᠩᠭ᠋ᠤᠯ ᠵᠠᠯᠠᠭᠤᠰ ᠤᠨ ᠤᠯᠠᠩᠬᠢ ᠨᠢ ᠪᠠᠶᠢᠭᠠᠯᠢ ᠶᠢᠨ ᠰᠢᠨᠵᠢᠯᠡᠭᠡᠨ ᠤ ᠬᠦᠴᠢᠷ ᠲᠦᠪᠡᠭ᠌ ᠠᠴᠠ ᠰᠢᠷᠬᠢᠵᠥ ᠪᠠᠶᠢᠪᠠ᠃ ᠬᠡᠳᠦᠨ ᠡᠳᠦᠷ ᠤᠨ ᠨᠢᠮᠪᠠᠢ ᠲᠤᠩᠭ᠋ᠠᠯᠳᠠ ᠪᠠᠷ ᠲᠠᠮᠵᠢᠵᠤ᠂ ᠴᠡᠩᠬᠡᠯᠳᠡᠢ ᠠᠵᠤ ᠦᠢᠯᠡᠳᠪᠦᠷᠢ ᠪᠠᠷ ᠤᠯᠤᠰ ᠦᠨᠳᠦᠰᠦᠳᠠᠨ ᠢᠶᠠᠨ ᠬᠦᠴᠦᠷᠭᠡᠭ᠍ᠵᠢᠭᠦᠯᠬᠦ ᠬᠡᠳᠦ ᠶᠢᠨ ᠬᠦᠰᠡᠯ ᠢᠶᠠᠷ ᠲᠤᠣᠺᠢᠣ᠋ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠰᠢᠯᠭᠠᠭᠳᠠᠨ ᠤᠷᠤᠵᠤ ᠰᠤᠷᠤᠯᠴᠠᠭᠰᠠᠨ ᠪᠦᠬᠡᠳ ᠲᠠᠬᠢᠨ ᠵᠡᠬᠦᠨ ᠬᠤᠶᠢᠳᠤ ᠶᠢᠨ ᠬᠠᠭᠠᠨᠳᠤ ᠤᠯᠤᠰ ᠤᠨ ᠶᠡᠭᠡ ᠰᠤᠷᠭᠠᠭᠤᠯᠢ ᠳᠤ ᠪᠠᠶᠢᠭᠠᠯᠢ ᠶᠢᠨ ᠰᠢᠨᠵᠢᠯᠡᠬᠡᠨ ᠤ ᠮᠡᠷᠬᠡᠵᠢᠯ ᠢᠶᠠᠷ ᠰᠤᠷᠤᠯᠴᠠᠭᠰᠠᠨ ᠪᠠᠶᠢᠨ᠎ᠠ᠃ 1945 ᠤᠨ ᠳᠤ ᠡᠬᠡ ᠤᠯᠤᠰ ᠲᠠᠭᠠᠨ ᠪᠤᠴᠠᠨ ᠢᠷᠡᠬᠦ ᠳᠤ ᠶᠠᠫᠤᠨ ᠰᠠᠶ᠋ᠢᠬᠠᠨ ᠪᠠᠭᠤᠵᠤ ᠦᠭ᠍ᠬᠦᠬᠡᠳ ᠪᠦᠬᠦ ᠤᠷᠤᠨ ᠤ ᠡᠯ᠎ᠠ ᠠᠵᠢᠯ ᠲᠦᠷᠦᠯ ᠳᠤ ᠮᠡᠳᠡᠯᠬᠡ ᠴᠢᠳᠠᠪᠤᠷᠢ ᠲᠠᠢ ᠵᠠᠯᠠᠭᠤᠴᠤᠳ ᠪᠠᠴᠢᠮ ᠱᠠᠭᠠᠷᠳᠠᠭᠳᠠᠵᠤ ᠪᠠᠶᠢᠪᠠ᠃ ᠴᠡᠩᠬᠡᠯᠳᠡᠢ ᠨᠢᠬᠡ ᠪᠦᠯᠥᠭ ᠵᠠᠯᠠᠭᠤᠴᠤᠳ ᠲᠠᠢ ᠬᠠᠮᠳᠤ ᠤᠯᠠᠭᠠᠨᠬᠠᠳᠠ ᠳᠠᠬᠢ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠲᠡᠭᠡᠳᠦ ᠰᠤᠷᠭᠠᠭᠤᠯᠢ ᠶᠢ ᠡᠷᠢᠵᠤ ᠬᠦᠷᠦᠬᠡᠳ ᠮᠤᠩᠭ᠋ᠤᠯ ᠬᠡᠯᠡᠨ ᠤ ᠪᠠᠭᠰᠢ ᠪᠤᠯᠪᠠ᠃ ᠤᠳᠠᠯ ᠦᠬᠡᠢ ᠦᠪᠦᠷ ᠮᠤᠩᠭ᠋ᠤᠯ ᠤᠨ ᠴᠡᠷᠢᠭ ᠵᠠᠰᠠᠭ ᠤᠨ ᠶᠡᠭᠡ ᠰᠤᠷᠭᠠᠭᠤᠯᠢ ᠶᠢᠨ ᠪᠦᠳᠦᠬᠡᠨ ᠪᠠᠶᠢᠭᠤᠯᠬᠤ ᠠᠵᠢᠯ ᠳᠤ ᠤᠷᠤᠯᠴᠠᠵᠤ᠂ ᠮᠤᠩᠭ᠋ᠤᠯ ᠬᠡᠯᠡ ᠪᠢᠴᠢᠭ᠌ ᠰᠤᠳᠤᠯᠬᠤ ᠲᠠᠰᠤᠭ ᠭᠠᠷᠭᠠᠪᠠ᠃ ᠡᠨᠡ ᠪᠤᠯ ᠦᠪᠦᠷ ᠮᠤᠩᠭ᠋ᠤᠯ ᠤᠨ ᠲᠡᠦᠬᠡᠨ ᠳᠠᠬᠢ ᠮᠤᠩᠭ᠋ᠤᠯ ᠬᠡᠯᠡᠨ ᠤ ᠠᠩᠬᠠᠳᠠᠭᠴᠢ ᠰᠤᠳᠤᠯᠭᠠᠨ ᠤ ᠪᠠᠶᠢᠭᠤᠯᠤᠮᠵᠢ ᠪᠤᠯᠬᠤ ᠶᠤᠮ᠃ ᠲᠡᠷᠡ ᠨᠢ ᠪᠦᠬᠦ ᠰᠤᠷᠭᠠᠭᠤᠯᠢ ᠶᠢᠨ ᠮᠤᠩᠭ᠋ᠤᠯ ᠬᠡᠯᠡᠨ ᠤ ᠵᠢᠭᠠᠨ ᠰᠤᠷᠭᠠᠯᠳᠠ᠂ ᠡᠯ᠎ᠡ ᠲᠦᠷᠦᠯ ᠤᠨ ᠵᠢᠭᠠᠬᠤ ᠮᠠᠲ᠋ᠧᠷᠢᠶᠠᠯ ᠪᠤᠯᠤᠨ ᠮᠤᠩᠭ᠋ᠤᠯ ᠬᠡᠯᠡᠨ ᠤ ᠦᠬᠡᠷᠡᠴᠢᠯᠡᠨ ᠰᠠᠶᠢᠵᠢᠷᠠᠭᠤᠯᠬᠤ ᠠᠵᠢᠯ ᠢ ᠬᠠᠷᠢᠭᠤᠴᠠᠳᠠᠭ ᠲᠤᠯᠠ ᠤᠯᠠᠩᠬᠢ ᠬᠦᠮᠥᠰ ᠲᠡᠬᠦᠨ ᠢ 《ᠮᠤᠩᠭ᠋ᠤᠯ ᠬᠡᠯᠡ ᠰᠤᠷᠤᠭᠰᠠᠨ》 ᠬᠡᠵᠥ ᠰᠠᠨᠠᠵᠤ ᠪᠠᠶᠢᠯ᠎ᠠ᠃ ᠤᠳᠠᠯ ᠦᠬᠡᠢ ᠦᠪᠦᠷ ᠮᠤᠩᠭ᠋ᠤᠯ ᠤᠨ ᠡᠳᠦᠷ ᠤᠨ ᠰᠤᠨᠢᠨ ᠤ ᠬᠤᠷᠢᠶ᠎ᠠ ᠳᠤ ᠨᠠᠶᠢᠷᠠᠭᠤᠯᠤᠭᠴᠢ ᠪᠤᠯᠵᠤ ᠪᠠᠶᠢᠭᠰᠠᠨ ᠢᠶᠠᠨ ᠤᠯᠠᠭᠠᠨᠬᠦᠦ ᠲᠡᠷᠢᠬᠦᠯᠡᠭᠴᠢ ᠶᠢᠨ ᠨᠠᠷᠢᠨ ᠪᠢᠴᠢᠬᠡᠴᠢ ᠪᠠᠷ ᠠᠵᠢᠯᠯᠠᠵᠤ᠂ ᠲᠠᠬᠢᠨ ᠦᠪᠦᠷ ᠮᠤᠩᠭ᠋ᠤᠯ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ ᠤᠨ ᠬᠡᠯᠡ ᠪᠢᠴᠢᠭ᠌ ᠤᠨ ᠭᠠᠵᠠᠷ ᠤᠨ ᠲᠠᠷᠤᠭ᠎ᠠ ᠶᠢᠨ ᠲᠤᠰᠢᠶᠠᠯ ᠢ ᠡᠬᠦᠷᠬᠡᠯᠡᠪᠡ᠃ ᠴᠡᠩᠬᠡᠯᠳᠡᠢ ᠪᠦᠬᠦ ᠤᠷᠤᠨ ᠤ ᠤᠯᠠᠨ ᠭᠠᠵᠠᠷ ᠢᠶᠠᠷ ᠪᠠᠶᠢᠴᠠᠭᠠᠯᠳᠠ ᠬᠢᠬᠦ᠂ ᠶᠠᠷᠢᠯᠴᠠᠬᠤ ᠬᠤᠷᠠᠯ ᠬᠢᠬᠦ ᠪᠠᠷ ᠲᠠᠮᠵᠢᠭᠤᠯᠵᠤ᠂ ᠲᠤᠬᠠᠢ ᠶᠢᠨ ᠦᠶ᠎ᠠ ᠶᠢᠨ ᠺᠠᠳ᠋ᠷ ᠤᠯᠠᠨ ᠲᠦᠮᠡᠨ ᠤ ᠲᠤᠮᠳᠠ ᠮᠤᠩᠭ᠋ᠤᠯ ᠬᠡᠯᠡ ᠶᠢ ᠲᠤᠤᠷᠠᠰᠢᠶᠠᠬᠤ᠂ ᠮᠤᠩᠭ᠋ᠤᠯ ᠬᠡᠯᠡ ᠬᠡᠷᠡᠭᠯᠡᠬᠦ ᠶᠢ ᠤᠮᠳᠤᠭᠠᠢᠢᠯᠠᠬᠤ ᠬᠡᠯᠪᠡᠷᠢᠯ ᠨᠡᠶᠢᠳᠡᠮ ᠤᠨ ᠴᠢᠨᠠᠷᠳᠠᠢ ᠤᠷᠤᠰᠢᠵᠤ ᠪᠠᠶᠢᠬᠤ ᠶᠢ ᠲᠤᠳᠤᠷᠬᠠᠢ ᠤᠯᠵᠤ ᠮᠡᠳᠡᠭᠰᠡᠨ ᠪᠦᠬᠡᠳ ᠵᠠᠰᠠᠭ ᠤᠨ ᠤᠷᠳᠤᠨ ᠳᠤ ᠦᠨᠡᠨ ᠮᠥᠨ ᠢᠶᠠᠷ ᠬᠠᠷᠢᠭᠤ ᠮᠡᠳᠡᠬᠦᠯᠦᠭᠰᠡᠨ ᠪᠠ ᠰᠢᠢᠳᠪᠦᠷᠢᠯᠡᠬᠦ ᠰᠠᠨᠠᠯ ᠵᠥᠪᠯᠡᠯᠬᠡ ᠲᠡᠪᠰᠢᠬᠦᠯᠪᠡ᠃ 1953 ᠤᠨ ᠤ ᠬᠠᠪᠤᠷ᠂ ᠡᠳᠡᠬᠡᠷ ᠠᠰᠠᠭᠤᠳᠠᠯ ᠢ ᠰᠢᠢᠳᠪᠦᠷᠢᠯᠡᠬᠦ ᠶᠢᠨ ᠲᠦᠯᠥᠬᠡ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠮᠤᠩᠭ᠋ᠤᠯ ᠬᠡᠯᠡ ᠪᠢᠴᠢᠭ᠌ ᠤᠨ ᠠᠵᠢᠯ ᠤᠨ ᠠᠩᠬᠠᠳᠠᠬᠴᠢ ᠬᠤᠷᠠᠯ ᠢ ᠬᠤᠷᠠᠯᠳᠤᠭᠤᠯᠵᠤ᠂ ᠤᠷᠤᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠤᠯᠠᠨ ᠰᠠᠨᠠᠯ ᠵᠥᠪᠯᠡᠯᠬᠡ ᠬᠤᠷᠢᠶᠠᠪᠠ᠃ ᠮᠥᠨ ᠵᠢᠯ ᠤᠨ 7 ᠰᠠᠷ᠎ᠠ ᠳᠤ᠂ 《ᠦᠨᠳᠦᠰᠦᠳᠡᠨ ᠤ ᠬᠡᠯᠡ ᠪᠢᠴᠢᠭ᠌ ᠤᠨ ᠠᠵᠢᠯ ᠢ ᠤᠮᠳᠤᠭᠠᠢᠢᠯᠠᠬᠤ ᠬᠡᠯᠪᠡᠷᠢᠯ ᠢ ᠡᠰᠡᠷᠬᠦᠴᠡᠬᠦ ᠵᠢᠴᠢ ᠦᠨᠳᠦᠰᠦᠳᠡᠨ ᠤ ᠬᠡᠯᠡ ᠪᠢᠴᠢᠭ᠌ ᠤᠨ ᠠᠵᠢᠯ ᠢ ᠤᠯᠠᠮ ᠨᠢᠬᠡ ᠠᠯᠬᠤᠮ ᠴᠢᠩᠭ᠋ᠠᠳᠬᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠮᠤᠩᠭ᠋ᠤᠯ ᠰᠦᠢᠶᠤᠸᠠᠨ ᠤ ᠬᠤᠪᠢᠶᠠᠷᠢ ᠲᠤᠪᠴᠢᠶ᠎ᠠ ᠶᠢᠨ ᠵᠢᠭᠠᠪᠤᠷᠢ》᠎ ᠶᠢ ᠲᠠᠷᠬᠠᠭᠠᠪᠠ᠃ ᠡᠨᠡ ᠪᠤᠯ ᠦᠪᠦᠷ ᠮᠤᠩᠭ᠋ᠤᠯ ᠤᠨ ᠲᠡᠦᠬᠡᠨ ᠳᠤ ᠮᠤᠩᠭ᠋ᠤᠯ ᠬᠡᠯᠡ ᠪᠢᠴᠢᠭ᠌ ᠢ ᠰᠤᠷᠴᠤ ᠬᠡᠷᠡᠭᠯᠡᠬᠦ ᠬᠠᠮᠤᠭ ᠠᠩᠬᠠᠨ ᠤ ᠡᠷᠬᠡ ᠰᠦᠷᠳᠦ ᠪᠦᠬᠡᠳ ᠵᠢᠯᠤᠭᠤᠳᠤᠮᠵᠢ ᠶᠢᠨ ᠴᠢᠨᠠᠷᠳᠠᠢ ᠪᠢᠴᠢᠭ᠌ ᠮᠠᠲ᠋ᠧᠷᠢᠶᠠᠯ ᠪᠤᠯᠬᠤ ᠶᠤᠮ᠃ ᠡᠬᠦᠨ ᠤ ᠲᠠᠷᠠᠭᠠᠪᠠᠷ ᠮᠤᠩᠭ᠋ᠤᠯ ᠬᠡᠯᠡᠨ ᠤ ᠰᠢᠨᠵᠢᠯᠡᠬᠡᠨ ᠤ ᠨᠡᠶᠢᠬᠡᠮᠯᠢᠭ᠌ ᠪᠠᠶᠢᠭᠤᠯᠬᠤ᠂ ᠮᠤᠩᠭ᠋ᠤᠯ ᠬᠡᠯᠡᠨ ᠤ ᠲᠤᠰᠬᠠᠢ ᠮᠡᠷᠭᠡᠵᠢᠯ ᠤᠨ ᠰᠤᠷᠭᠠᠭᠤᠯᠢ ᠪᠠᠶᠢᠭᠤᠯᠬᠤ᠂ 《ᠮᠤᠩᠭ᠋ᠤᠯ ᠬᠡᠯᠡ ᠪᠢᠴᠢᠭ᠌》 ᠰᠡᠳᠬᠦᠯ ᠢ ᠬᠡᠪᠯᠡᠯ ᠡᠬᠢᠯᠡᠬᠦᠯᠬᠦ ᠵᠡᠷᠬᠡ ᠤᠯᠠᠨ ᠠᠵᠢᠯ ᠳᠤ ᠤᠬᠠᠭᠠᠨ ᠲᠠᠮᠢᠷ ᠢᠶᠠᠨ ᠰᠢᠪᠬᠠᠵᠤ ᠶᠠᠪᠤᠭᠰᠠᠨ ᠪᠠᠶᠢᠳᠠᠭ᠃ 1966 ᠤᠨ ᠳᠤ ᠦᠪᠡᠷᠳᠡᠬᠡᠨ ᠵᠠᠰᠠᠬᠤ ᠤᠷᠤᠨ ᠤ ᠬᠡᠯᠡ ᠪᠢᠴᠢᠭ᠌ ᠤᠨ ᠵᠥᠪᠯᠡᠯ ᠤᠨ ᠡᠷᠬᠢᠯᠡᠭᠴᠢ ᠶᠢᠨ ᠲᠤᠰᠢᠶᠠᠯ ᠳᠤ ᠲᠤᠮᠢᠯᠠᠭᠳᠠᠵᠠᠢ᠃

    ᠲᠡᠭᠡᠷ᠎ᠡ ᠵᠠᠭᠤᠨ ᠤ ᠲᠠᠪᠢᠭᠠᠳ ᠤᠨ ᠤ ᠲᠤᠮᠳᠠᠴᠢ ᠪᠠᠷ ᠨᠠᠮ ᠤᠨ ᠲᠦᠪ ᠬᠤᠷᠢᠶ᠎ᠠ ᠠᠴᠠ ᠪᠦᠬᠦ ᠤᠯᠤᠰ ᠤᠨ ᠴᠦᠬᠡᠨ ᠲᠤᠭᠠᠳᠤ ᠦᠨᠳᠦᠰᠦᠳᠡᠨ ᠤ ᠦᠬᠡ ᠬᠡᠯᠡ ᠦᠰᠦᠭ ᠪᠢᠴᠢᠭ᠌ ᠤᠨ ᠬᠡᠷᠡᠭᠯᠡᠬᠡᠨ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠬᠦ ᠪᠠᠷ ᠪᠤᠯᠵᠤ᠂ ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠡᠯᠡ ᠰᠤᠳᠤᠯᠬᠤ ᠭᠠᠵᠠᠷ ᠪᠤᠯᠤᠨ ᠲᠦᠪ ᠤᠨ ᠦᠨᠳᠦᠰᠦᠳᠡᠨ ᠤ ᠲᠡᠭᠡᠳᠦ ᠰᠤᠷᠭᠠᠭᠤᠯᠢ ᠬᠠᠷᠢᠭᠤᠴᠠᠨ ᠬᠦᠢᠴᠡᠳᠬᠡᠬᠦ ᠪᠠᠷ ᠪᠤᠯᠪᠠ᠃ ᠴᠡᠩᠬᠡᠯᠳᠡᠢ ᠪᠠᠷ ᠲᠤᠭᠤᠢᠢᠯᠠᠩ ᠤᠨ ᠲᠠᠷᠤᠭ᠎ᠠ ᠪᠤᠯᠭᠠᠭᠰᠠᠨ 12 ᠲᠤᠭᠤᠢᠢᠯᠠᠩ ᠮᠤᠩᠭ᠋ᠤᠯ ᠬᠡᠯᠡᠨ ᠤ ᠨᠤᠳᠤᠭ ᠤᠨ ᠠᠶᠠᠯᠭᠤ ᠪᠠ ᠮᠤᠩᠭ᠋ᠤᠯ ᠲᠦᠷᠦᠯ ᠬᠡᠯᠡ ᠶᠢ ᠪᠠᠶᠢᠴᠠᠭᠠᠬᠤ ᠪᠠᠷ ᠬᠠᠷᠠᠮᠦ᠋ᠷᠡᠨ᠂ ᠭᠠᠨᠰᠦ᠂ ᠬᠦᠬᠡᠨᠠᠭᠤᠷ ᠵᠢᠴᠢ ᠦᠪᠦᠷ ᠮᠤᠩᠭ᠋ᠤᠯ ᠤᠨ ᠡᠯ᠎ᠡ ᠭᠠᠵᠠᠷ ᠢᠶᠠᠷ ᠲᠠᠭᠤᠷ᠂ ᠮᠤᠩᠭᠤᠷ᠂ ᠳ᠋ᠦᠩᠰᠢᠶᠠᠩ᠂ ᠪᠤᠤ ᠠᠨ᠂ ᠶᠤᠭᠤᠷ ᠬᠡᠯᠡ ᠵᠢᠴᠢ ᠮᠤᠩᠭ᠋ᠤᠯ ᠬᠡᠯᠡᠨ ᠤ ᠨᠤᠳᠤᠭ ᠤᠨ ᠠᠶᠠᠯᠭᠤ ᠳᠤ ᠪᠠᠶᠢᠴᠠᠭᠠᠯᠳᠠ ᠬᠢᠬᠦ ᠪᠠᠷ ᠮᠤᠷᠳᠠᠪᠠ᠃ ᠡᠨᠡ ᠨᠢ ᠦᠪᠦᠷ ᠮᠤᠩᠭ᠋ᠤᠯ ᠤᠨ ᠮᠤᠩᠭ᠋ᠤᠯ ᠬᠡᠯᠡ ᠪᠢᠴᠢᠭ᠌ ᠤᠨ ᠠᠵᠢᠯ ᠤᠨ ᠲᠡᠦᠬᠡᠨ ᠳᠤ ᠲᠡᠮᠳᠡᠭᠯᠡᠬᠦᠰᠢᠳᠡᠢ ᠨᠢᠬᠡᠨ ᠬᠠᠭᠤᠳᠠᠰᠤ ᠪᠤᠯᠵᠤ᠂ ᠬᠡᠯᠡ ᠠᠶᠠᠯᠭᠤᠨ ᠤ ᠪᠦᠬᠦ ᠲᠠᠯ᠎ᠠ ᠶᠢᠨ ᠪᠠᠶᠢᠳᠠᠯ ᠢ ᠤᠢᠢᠯᠠᠭᠠᠬᠤ ᠰᠢᠨ᠎ᠡ ᠡᠬᠦᠳᠦᠯᠳᠡ ᠪᠤᠯᠪᠠ᠃ ᠬᠤᠶᠠᠷ ᠵᠢᠯ ᠭᠠᠷᠤᠢ ᠶᠢᠨ ᠬᠤᠭᠤᠴᠠᠭᠠᠨ ᠳᠤ ᠲᠡᠷᠡ ᠬᠤᠶᠠᠷ ᠤᠳᠠᠭ᠎ᠠ ᠶᠢᠨ ᠲᠤᠮᠤ ᠬᠡᠪᠴᠢᠶᠡᠨ ᠤ ᠬᠡᠯᠡ ᠠᠶᠠᠯᠭᠤ ᠶᠢᠨ ᠪᠠᠶᠢᠴᠠᠭᠠᠯᠳᠠ ᠳᠤ ᠤᠷᠤᠯᠴᠠᠵᠤ᠂ 《ᠲᠤᠮᠳᠠᠳᠤ ᠤᠯᠤᠰ ᠤᠨ ᠮᠤᠩᠭ᠋ᠤᠯ ᠲᠦᠷᠦᠯ ᠬᠡᠯᠡ ᠵᠢᠴᠢ ᠮᠤᠩᠭ᠋ᠤᠯ ᠠᠮᠠᠨ ᠠᠶᠠᠯᠭᠤᠨ ᠤ ᠶᠡᠷᠦᠩᠬᠡᠢ ᠪᠠᠶᠢᠳᠠᠯ》 ᠬᠡᠬᠦ ᠦᠬᠦᠯᠡᠯ ᠢᠶᠠᠨ 《ᠮᠤᠩᠭ᠋ᠤᠯ ᠬᠡᠯᠡ ᠪᠢᠴᠢᠭ᠌》 ᠰᠡᠳᠬᠦᠯ ᠲᠡᠭᠡᠷ᠎ᠡ ᠨᠡᠶᠢᠳᠡᠯᠡᠬᠦᠯᠪᠡ᠃ 《21 ᠳ᠋ᠦ᠋ᠬᠡᠷ ᠵᠠᠭᠤᠨ ᠤ ᠴᠦᠬᠡᠨ ᠲᠤᠭᠠᠳᠤ ᠦᠨᠳᠦᠰᠦᠳᠡᠨ ᠤ ᠬᠡᠯᠡᠨ ᠤ ᠰᠤᠳᠤᠯᠤᠯ》ᠨᠤᠮ ᠠᠴᠠ ᠲᠤᠰ ᠦᠬᠦᠯᠡᠯ ᠢ《ᠡᠨᠡ ᠪᠤᠯ ᠲᠤᠮᠳᠠᠳᠤ ᠤᠯᠤᠰ ᠤᠨ ᠰᠤᠳᠤᠯᠭᠠᠳᠠᠨ ᠠᠴᠠ ᠬᠠᠷᠢᠶᠠᠨ ᠳᠠᠬᠢ ᠮᠤᠩᠭ᠋ᠤᠯ ᠲᠦᠷᠦᠯ ᠬᠡᠯᠡ ᠪᠠ ᠨᠤᠳᠤᠭ ᠤᠨ ᠠᠶᠠᠯᠭᠤᠨ ᠳᠤ ᠪᠦᠬᠦ ᠲᠠᠯ᠎ᠠ ᠶᠢᠨ ᠰᠤᠳᠤᠯᠭᠠᠨ ᠬᠢᠭ᠍ᠰᠡᠨ ᠠᠩᠬᠠᠳᠠᠭᠴᠢ ᠪᠦᠳᠦᠬᠡᠯ ᠪᠤᠯᠤᠨ᠎ᠠ᠂ ᠴᠠᠭ ᠦᠶ᠎ᠠ ᠶᠢ ᠰᠤᠨᠳᠠᠯᠠᠭᠰᠠᠨ ᠠᠴᠢ ᠬᠤᠯᠪᠤᠭᠳᠠᠯ ᠲᠠᠢ᠃ ᠴᠡᠩᠬᠡᠯᠳᠡᠢ ᠪᠠᠷ ᠲᠠᠭᠠᠭᠤᠯᠤᠭᠴᠢ ᠪᠤᠯᠭᠠᠭᠰᠠᠨ ᠦᠪᠦᠷ ᠮᠤᠩᠭ᠋ᠤᠯ ᠤᠨ ᠡᠷᠳᠡᠮ ᠰᠢᠨᠵᠢᠯᠡᠬᠡᠨ ᠤ ᠰᠤᠳᠤᠯᠭᠠᠨ ᠤ ᠡᠩᠨᠡᠭᠡ ᠲᠤᠮᠳᠠᠳᠤ ᠤᠯᠤᠰ ᠤᠨ ᠮᠤᠩᠭ᠋ᠤᠯ ᠬᠡᠯᠡᠨ ᠤ ᠰᠤᠳᠤᠯᠭᠠᠨ ᠤ ᠰᠢᠵᠢᠷ ᠠᠯᠳᠠᠨ ᠦᠶ᠎ᠠ ᠶᠢ ᠨᠡᠬᠡᠬᠡᠬᠦ ᠰᠤᠪᠢᠩ ᠢᠯᠡᠷᠡᠵᠡᠢ》 ᠬᠡᠵᠥ ᠦᠨᠳᠦᠷ ᠦᠨᠡᠯᠡᠪᠠ᠃

ᠴᠡᠩᠭᠡᠯᠳᠡᠢ (ᠵᠡᠭᠦᠨᠳᠡᠬᠢ) ᠤᠤᠯ ᠤᠨ ᠦᠪᠦᠷ ᠮᠤᠩᠭ᠋ᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠬᠤ ᠴᠦᠨ ᠬᠤᠸᠠ ᠲᠠᠢ ᠶᠠᠷᠢᠯᠴᠠᠵᠦ ᠪᠠᠶᠢᠭ᠎ᠠ ᠨᠢ

ᠴᠡᠩᠭᠡᠯᠳᠡᠢ (ᠪᠠᠷᠠᠭᠤᠨ ᠠᠴᠠ ᠬᠤᠶᠠᠳᠤᠭᠠᠷ) ᠲᠤᠮᠳᠠᠳᠤ ᠤᠯᠤᠰ ᠤᠨ ᠮᠤᠩᠭ᠋ᠤᠯ ᠰᠤᠳᠤᠯᠤᠯ ᠤᠨ ᠬᠤᠶᠠᠳᠤᠭᠠᠷ ᠤᠳᠠᠭᠠᠨ ᠤ ᠤᠯᠠᠨ ᠤᠯᠤᠰ ᠤᠨ ᠡᠷᠳᠡᠮ ᠰᠢᠨᠵᠢᠯᠡᠭᠡᠨ ᠤ ᠶᠠᠷᠢᠯᠴᠠᠬᠤ ᠬᠤᠷᠠᠯ ᠤᠨ ᠬᠤᠭᠤᠴᠠᠭᠠᠨ ᠳᠤ

ᠢᠷᠡᠯᠳᠡ᠄ ᠳᠤᠮᠳᠠᠳᠤ ᠤᠯᠤᠰ ᠤᠨ ᠮᠤᠩᠭ᠋ᠤᠯ ᠬᠡᠯᠡᠨ ᠤ ᠰᠤᠨᠢᠨ ᠮᠡᠳᠡᠬᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120701117364789