蒙古文网站Logo
ᠰᠢᠨᠬᠤᠸᠠ ᠮᠤᠩᠭ᠋ᠤᠯ ᠨᠧᠲ

ᠠᠯᠯᠲ᠋ᠧᠴᠢ ᠮᠧᠳᠠᠯ ᠬᠦᠷᠲᠡᠭᠰᠡᠨ ᠮᠤᠨᠭᠭᠤᠯ ᠬᠦᠮᠦᠨ-- ᠪᠤᠷᠵᠢᠬᠢᠨ ᠮᠢᠩᠭ᠋ᠠᠨᠴᠤᠭᠳᠤ

2015-12-05 15:09

    ᠪᠤᠷᠵᠢᠬᠢᠨ ᠮᠢᠩᠭ᠋ᠠᠨᠴᠤᠭᠳᠤ᠂ 1987 ᠤᠨ ᠳᠤ ᠤᠤᠯ ᠤᠨ ᠦᠪᠦᠷ ᠮᠤᠨᠭᠭᠤᠯ  ᠤᠨ ᠲᠠᠷᠢᠶᠠᠯᠠᠩ ᠮᠠᠯ ᠠᠵᠦ ᠠᠬᠤᠢ ᠶᠢᠨ ᠲᠡᠭᠡᠳᠦ ᠰᠤᠷᠭᠠᠭᠤᠯᠢ ᠳᠤ ᠪᠠᠭᠰᠢᠯᠠᠵᠦ ᠪᠠᠶᠢᠭᠰᠠᠨ ᠠᠴᠠ ᠪᠠᠨ ᠠᠦ᠋ᠰᠲ᠋ᠷᠠᠯᠢᠶ᠎ᠠ ᠤᠯᠤᠰ ᠲᠤ ᠡᠷᠳᠡᠮ ᠤᠨ ᠵᠡᠷᠭᠡ ᠭᠤᠷᠢᠯᠠᠵᠦ᠂ ᠤᠷᠢᠳ ᠬᠤᠵᠢᠳ ᠳ᠋ᠤᠺᠲ᠋ᠤᠷ᠂ ᠰᠤᠳᠤᠯᠤᠭᠠᠴᠢ ᠡᠷᠳᠡᠮ ᠰᠢᠨᠵᠢᠯᠡᠭᠡᠨ ᠤ ᠨᠡᠶᠢᠭᠡᠮᠯᠢᠭ᠌ ᠤᠨ ᠲᠡᠷᠢᠭᠦᠨ ᠬᠦᠢᠴᠡᠳᠭᠡᠭ᠍ᠴᠢ ᠲᠠᠷᠤᠭ᠎ᠠ ᠶᠢᠨ ᠢᠷᠠᠭᠤ ᠠᠯᠳᠠᠷ᠂ ᠬᠡᠷᠭᠡᠮ ᠵᠡᠷᠭᠡ ᠬᠦᠷᠳᠡᠵᠦ᠂ ᠤᠳᠤ ᠲᠡᠯᠡᠭᠡᠢ ᠶᠢᠨ ᠬᠡᠮᠵᠢᠶᠡᠨ ᠤ ᠡᠷᠳᠡᠮᠳᠡᠨ ᠪᠤᠯᠵᠦ ᠨᠡᠷ᠎ᠡ ᠠᠯᠳᠠᠷ ᠢᠶᠠᠨ ᠲᠠᠭᠤᠷᠢᠰᠬᠠᠵᠦ ᠶᠠᠪᠤᠭ᠎ᠠ᠃ ᠤᠯᠠᠭᠠᠬᠠᠨᠳᠠ ᠬᠤᠳᠠ ᠶᠢᠨ ᠠᠷᠤ ᠬᠤᠷᠴᠢᠨ ᠬᠤᠰᠢᠭᠤᠨ ᠤ ᠪᠠᠶᠠᠠᠦ᠋ᠨᠳᠦᠷ ᠰᠤᠮᠤ ᠶᠢᠨ ᠬᠠᠶᠢᠯᠠᠰᠤ ᠭᠠᠴᠠᠭᠠᠨ ᠳᠤ ᠨᠤᠳᠤᠭ ᠲᠠᠢ᠃ ᠲᠡᠷᠡ ᠪᠠᠷ ᠤᠳᠤ ᠠᠦ᠋ᠰᠲ᠋ᠷᠡᠯᠢᠶ᠎ᠠ ᠶᠢᠨ ᠵᠢᠭᠦᠷᠳᠡᠨ ᠤ ᠬᠠᠮᠳᠤᠷᠠᠭᠰᠠᠨ ᠰᠤᠳᠤᠯᠤᠯ ᠤᠨ ᠲᠦᠪ ᠤᠨ ᠶᠡᠷᠦᠩᠭᠡᠢ ᠵᠠᠬᠢᠷᠤᠯ᠂ ᠲᠦᠷᠦᠯ ᠵᠦᠢᠯ ᠤᠨ ᠠᠬᠠᠯᠠᠭᠴᠢ ᠰᠢᠨᠵᠢᠯᠡᠭᠦ ᠤᠬᠠᠭᠠᠨᠳᠠᠨ᠂ ᠠᠦ᠋ᠰᠲ᠋ᠷᠡᠯᠢᠶ᠎ᠠ ᠶᠢᠨ ᠰᠢᠨ᠎ᠡ ᠢᠩᠭ᠍ᠯᠠᠨᠳ᠋ ᠶᠡᠭᠡ ᠰᠤᠷᠭᠠᠭᠤᠯᠢ ᠶᠢᠨ ᠫᠷᠦᠹᠧᠰᠰᠤᠷ᠂ ᠳ᠋ᠤᠺᠲ᠋ᠤᠷᠠᠨᠲ ᠤᠨ ᠵᠢᠯᠤᠭᠤᠳᠤᠭᠴᠢ ᠪᠠᠭᠰᠢ ᠪᠠᠷ ᠠᠵᠢᠯᠯᠠᠵᠦ ᠪᠠᠶᠢᠬᠤ ᠪᠦᠭᠡᠳ ᠤᠯᠠᠨ ᠤᠯᠤᠰ ᠤᠨ ᠪᠠᠶᠢᠭᠠᠯᠢ ᠶᠢᠨ ᠰᠢᠨᠵᠢᠯᠡᠭᠦ ᠤᠬᠠᠭᠠᠨ ᠤ ᠰᠠᠭᠤᠷᠢ ᠮᠦᠩᠬᠦᠨ ᠤ ᠨᠡᠶᠢᠭᠡᠮᠯᠢᠭ᠌ ᠤᠨ ᠵᠦᠪᠯᠡᠭᠴᠢ᠂ ᠤᠯᠠᠨ ᠤᠯᠤᠰ ᠤᠨ ᠴᠢᠨᠠᠷᠳᠠᠢ ᠡᠷᠳᠡᠮ ᠰᠢᠨᠵᠢᠯᠡᠭᠡᠨ ᠤ ᠬᠡᠳᠦᠨ ᠰᠡᠳᠭᠦᠯ ᠤᠨ ᠨᠠᠶᠢᠷᠠᠭᠤᠯᠬᠤ ᠵᠦᠪᠯᠡᠯ ᠤᠨ ᠬᠡᠰᠢᠭᠦᠨ᠂ 2010 ᠤᠨ‌‍ᠤ 1 ᠰᠠᠷ᠎ᠠ ᠠᠴᠠ ᠡᠬᠢᠯᠡᠨ ᠵᠢᠭᠦᠷᠳᠡᠨ ᠤ ᠰᠤᠳᠤᠯᠤᠯ᠂ ᠡᠰ ᠤᠨ ᠠᠮᠢᠳᠤ ᠪᠤᠳᠠᠰ ᠤᠨ ᠰᠤᠳᠤᠯᠤᠯ᠂ ᠮᠤᠯᠧᠺᠦ᠋ᠯ ᠤᠨ ᠠᠮᠢᠳᠤ ᠪᠤᠳᠠᠰ ᠤᠨ ᠰᠤᠳᠤᠯᠤᠯ᠂ ᠮᠢᠺᠷᠤᠪ ᠤᠨ ᠰᠤᠳᠤᠯᠤᠯ᠂ ᠦᠯᠦ ᠬᠠᠯᠳᠠᠭᠠᠬᠤ ᠪᠤᠯᠤᠨ ᠰᠢᠮ᠎ᠡ ᠲᠡᠵᠢᠭᠡᠯ ᠵᠡᠷᠭᠡ 39 ᠲᠦᠷᠦᠯ ᠵᠦᠢᠯ ᠤᠨ ᠰᠤᠳᠤᠯᠭ᠎ᠠ ᠶᠢ ᠪᠠᠭᠳᠠᠭᠠᠭᠰᠠᠨ 10 ᠳ᠋ᠦᠩᠰᠢᠭᠤᠷ ᠳ᠋ᠤᠯᠯᠠᠷ ᠤᠨ ᠪᠡᠯᠡ ᠮᠦᠩᠬᠦ ᠲᠠᠢ ᠰᠤᠳᠤᠯᠭᠠᠨ ᠤ ᠰᠡᠳᠦᠪ ᠢ ᠬᠢᠵᠦ᠂ ᠲᠤᠰ ᠰᠤᠳᠤᠯᠭᠠᠨ ᠤ ᠲᠤᠭᠤᠶᠢᠯᠠᠩ ᠤᠨ ᠲᠡᠷᠢᠭᠦᠨ ᠬᠦᠢᠴᠡᠳᠭᠡᠭ᠍ᠴᠢ ᠲᠠᠷᠤᠭ᠎ᠠ ᠪᠠᠷ ᠠᠵᠢᠯᠯᠠᠵᠦ ᠪᠠᠶᠢᠨ᠎ᠠ᠃

    ᠮᠢᠨᠭᠭᠠᠨᠴᠤᠬᠲᠤ ᠬᠦᠦ ᠦᠬᠢᠨ ᠲᠠᠢ ᠪᠠᠨ

    ᠮᠢᠩᠭ᠋ᠠᠨᠴᠤᠭᠳᠤ ᠶᠢᠨ ᠤᠯᠤᠭᠰᠠᠨ ᠭᠤᠤᠯ ᠪᠤᠯᠬᠤ ᠱᠠᠩᠨᠠᠯ᠄
    1990 ᠤᠨ ᠳᠤ᠂ ᠲᠡᠯᠡᠭᠡᠢ ᠶᠢᠨ ᠵᠢᠭᠦᠷᠳᠡᠨ ᠤ ᠰᠤᠳᠤᠯᠤᠯ ᠤᠨ ᠨᠡᠶᠢᠭᠡᠮᠯᠢᠭ᠌ ᠤᠨ ᠱᠠᠩᠨᠠᠯ ᠬᠦᠷᠳᠡᠪᠡ᠃
    1991 ᠤᠨ ᠳᠤ᠂ ᠠᠦ᠋ᠰᠲ᠋ᠷᠡᠯᠢᠶ᠎ᠠ ᠶᠢᠨ ᠠᠮᠢᠳᠠᠨ ᠤ ᠨᠡᠶᠢᠭᠡᠮᠯᠢᠭ᠌ ᠤᠨ ᠵᠠᠯᠠᠭᠤ ᠡᠷᠳᠡᠮᠳᠡᠨ ᠱᠠᠩᠨᠠᠯ᠂ ᠰᠢᠳᠡᠨᠢ ᠳᠠᠬᠢ ᠲᠡᠯᠡᠭᠡᠢ ᠵᠢᠭᠦᠷᠳᠡᠨ ᠤ ᠰᠤᠳᠤᠯᠤᠯ ᠤᠨ ᠨᠡᠢᠢᠭᠡᠮᠯᠢᠭ᠌ ᠤᠨ ᠱᠠᠩᠨᠠᠯ ᠬᠦᠷᠳᠡᠪᠡ᠃
    1997 ᠤᠨ ᠳᠤ᠂ ᠦᠪᠦᠷ ᠮᠤᠨᠭᠭᠤᠯ  ᠤᠨ ᠵᠠᠰᠠᠭ ᠤᠨ ᠤᠷᠳᠤᠨ ᠠᠴᠠ ᠤᠯᠭᠤᠭᠰᠠᠨ《ᠰᠢᠨᠵᠢᠯᠡᠭᠦ ᠤᠬᠠᠭᠠᠨ ᠮᠡᠷᠭᠡᠵᠢᠯ ᠤᠨ ᠲᠠᠪᠰᠢᠯᠳᠠ ᠶᠢᠨ ᠲᠡᠷᠢᠭᠦᠨ ᠱᠠᠩᠨᠠᠯ》 ᠬᠦᠷᠳᠡᠪᠡ᠃
    2004 ᠤᠨ ᠳᠤ᠂ ᠠᠦ᠋ᠰᠲ᠋ᠷᠡᠯᠢᠶ᠎ᠠ ᠶᠢᠨ ᠵᠢᠭᠦᠷᠳᠡᠨ ᠤ ᠰᠤᠳᠤᠯᠤᠯ ᠤᠨ ᠨᠡᠶᠢᠭᠡᠮᠯᠢᠭ᠌ ᠤᠨ ᠲᠡᠷᠢᠭᠦᠨ ᠱᠠᠩᠨᠠᠯ ᠬᠦᠷᠳᠡᠪᠡ᠃
    2005 ᠤᠨ ᠳᠤ᠂ ᠲᠡᠯᠡᠭᠡᠢ ᠶᠢᠨ ᠠᠮᠢᠳᠤ ᠪᠤᠳᠠᠰ ᠤᠨ ᠮᠡᠷᠭᠡᠵᠢᠯ ᠤᠨ ᠰᠢᠯᠢᠳᠡᠭ ᠱᠠᠩᠨᠠᠯ᠂ ᠠᠦ᠋ᠰᠲ᠋ᠷᠡᠯᠢᠶ᠎ᠠ ᠶᠢᠨ ᠵᠢᠭᠦᠷᠳᠡᠨ ᠤ ᠰᠤᠳᠤᠯᠤᠯ ᠤᠨ ᠱᠠᠩᠨᠠᠯ ᠬᠦᠷᠳᠡᠪᠡ᠃
    2005 ᠤᠨ ᠳᠤ᠂ ᠠᠩᠭ᠍ᠯᠢ ᠤᠯᠤᠰ ᠤᠨ ᠵᠢᠭᠦᠷᠳᠡᠨ ᠤ ᠰᠤᠳᠤᠯᠤᠯ ᠤᠨ ᠨᠡᠶᠢᠭᠡᠮᠯᠢᠭ᠌ ᠤᠨ ᠭᠤᠷᠲ᠋ᠤᠨ ᠰᠠᠭᠤᠷᠢ ᠮᠦᠩᠬᠦᠨ ᠤ ᠮᠧᠳᠠᠯ ᠬᠦᠷᠳᠡᠪᠡ᠃
    2008 ᠤᠨ ᠳᠤ᠂ 《ᠲᠡᠯᠡᠭᠡᠢ ᠶᠢᠨ ᠬᠠᠮᠤᠭ ᠤᠨ ᠰᠢᠯᠢᠳᠡᠭ ᠵᠢᠭᠦᠷᠳᠡᠨ ᠤ ᠰᠤᠳᠤᠯᠤᠯ ᠤᠨ ᠪᠠᠶᠢᠭᠤᠯᠤᠮᠵᠢ》᠎ ᠶᠢᠨ ᠱᠠᠩᠨᠠᠯ ᠢ ᠬᠦᠷᠳᠡᠪᠡ᠃
    2012 ᠤᠨ ᠳᠤ᠂《ᠲᠡᠯᠡᠭᠡᠢ ᠶᠢᠨ ᠬᠠᠮᠤᠭ ᠤᠨ ᠰᠢᠯᠢᠳᠡᠭ ᠵᠢᠭᠦᠷᠳᠡᠨ ᠤ ᠰᠤᠳᠤᠯᠤᠯ ᠤᠨ ᠪᠠᠶᠢᠭᠤᠯᠤᠮᠵᠢ》᠎ ᠶᠢᠨ ᠱᠠᠩᠨᠠᠯ ᠢ ᠬᠤᠶᠠᠳᠡᠬᠢ ᠤᠳᠠᠭ᠎ᠠ ᠬᠦᠷᠳᠡᠪᠡ᠃

    1979 ᠣᠠ ᠳᠤ ᠮᠢᠩᠭ᠋ᠠᠨᠴᠣᠭᠲᠤ ᠥᠪᠥᠷ ᠮᠣᠩ᠋ᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠡᠯᠰᠡᠭᠳᠡᠵᠦ᠂ ᠮᠠᠯᠵᠢᠬᠤ ᠨᠤᠲᠤᠭ ᠤᠨ ᠨᠢᠭᠡᠨ ᠵᠠᠯᠠᠭᠤ ᠶᠢᠨ ᠰᠢᠨᠵᠢᠯᠡᠭᠡ ᠰᠤᠳᠤᠯᠭᠠᠨ ᠤ ᠦᠢᠯᠡᠰ ᠤᠨ ᠠᠩᠬᠠᠨ ᠤ ᠭᠠᠷᠤᠭ᠎ᠠ ᠡᠬᠢᠯᠡᠪᠡ᠃

    ᠰᠤᠷᠭᠠᠭᠤᠯᠢ ᠶᠢᠨ ᠣᠯᠠᠩᠬᠢ ᠬᠢᠴᠢᠶᠡᠯ ᠪᠤᠶᠤ ᠯᠠᠪᠯᠠᠯᠲᠠ ᠶᠢᠨ ᠮᠠᠲ᠋ᠧᠷᠢᠶᠠᠯ ᠨᠢ ᠪᠦᠷ ᠬᠢᠲᠠᠳ ᠬᠡᠯᠡ ᠳᠡᠭᠡᠷ᠎ᠡ ᠪᠠᠶᠢᠳᠠᠭ ᠳᠤᠯᠠ ᠬᠦᠳᠡᠭᠡ ᠦᠰᠦᠭᠰᠡᠨ ᠲᠡᠬᠦᠨ ᠳᠤ ᠬᠢᠳᠡᠳ ᠦᠭᠡ ᠬᠡᠯᠨ ᠰᠤᠷᠴᠤ ᠨᠡᠪᠲᠡᠷᠡᠬᠦ ᠨᠢ ᠶᠡᠭᠡ ᠠᠰᠠᠭᠤᠳᠠᠯ ᠪᠣᠯᠪᠠ᠃ ᠲᠡᠷᠡᠪᠠᠷ ᠡᠳᠦᠷ ᠪᠦᠷᠢ ᠵᠦᠯᠭᠡ᠂ ᠣᠶᠢᠵᠢᠭᠤᠯᠤᠯᠲᠠ ᠶᠢᠨ ᠲᠠᠯᠠᠪᠠᠢ ᠪᠤᠶᠤ ᠬᠢᠴᠢᠶᠡᠯ ᠤᠨ ᠭᠡᠷ ᠲᠤ ᠬᠢᠲᠠᠳ ᠬᠡᠯᠡ ᠪᠢᠴᠢᠭ᠌ ᠤᠩᠰᠢᠨ᠎ᠠ᠂ ᠴᠡᠭᠡᠵᠢᠯᠡᠨ᠎ᠡ᠂ ᠪᠢᠴᠢᠨ᠎ᠡ᠃《ᠬᠡᠯᠡ ᠲᠠᠢ ᠪᠣᠯ ᠬᠥᠯ ᠲᠠᠢ》 ᠭᠡᠳᠡᠭ᠃ ᠮᠢᠩᠭ᠋ᠠᠨᠴᠣᠭᠲᠤ ᠭᠠᠭᠴᠠ ᠬᠢᠲᠠᠳ ᠬᠡᠯᠡ ᠰᠤᠷᠤᠭᠠᠳ ᠵᠣᠭᠰᠤᠭ᠎ᠠ ᠦᠭᠡᠢ᠂ ᠭᠠᠳᠠᠭᠠᠳᠤ ᠬᠡᠯᠡ ᠶᠢ ᠰᠤᠷᠴᠤ ᠳᠡᠯᠡᠬᠡᠢ ᠨᠡᠶᠢᠲᠡ ᠶᠢ ᠲᠠᠨᠢᠵᠤ ᠮᠡᠳᠡᠬᠦ ᠴᠢᠬᠤᠯᠠ ᠴᠢᠨᠠᠷ ᠢ ᠰᠡᠷᠡᠵᠦ᠂ ᠠᠩᠭ᠍ᠯᠢ ᠬᠡᠯᠡ ᠶᠢ ᠰᠤᠷᠴᠤ ᠨᠡᠪᠳᠡᠷᠡᠭᠰᠡᠨ ᠪᠠᠶᠢᠪᠠ᠃

    《ᠨᠠᠮᠠᠢᠢ ᠬᠠᠷᠢ ᠬᠦᠷᠦᠨ ᠳᠤ ᠮᠡᠷᠭᠡᠵᠢᠯ ᠳᠡᠭᠡᠭ᠍ᠰᠢᠯᠡᠭᠦᠯᠬᠦ ᠳᠤ ᠬᠡᠯᠡ ᠪᠠ ᠲᠤᠰᠬᠠᠢ ᠮᠡᠷᠭᠡᠵᠢᠯ ᠤᠨ ᠰᠤᠷᠤᠯᠴᠠᠯᠭ᠎ᠠ ᠲᠦᠯᠭᠢᠴᠡ ᠬᠦᠴᠦᠨ ᠪᠤᠯᠤᠭᠰᠠᠨ ᠨᠢ ᠦᠨᠠᠠ ᠪᠤᠯᠪᠠᠴᠤ 〈ᠰᠢᠨᠵᠢᠯᠡᠬᠦ ᠤᠬᠠᠭᠠᠨ ᠤ ᠰᠤᠳᠤᠯᠭ᠎ᠠ ᠨᠢ ᠪᠣᠳᠠᠲᠤ ᠬᠡᠷᠡᠭᠯᠡᠭᠡ ᠲᠠᠢ ᠨᠢᠬᠳᠠ ᠤᠶᠠᠯᠳᠤᠬᠤ ᠬᠡᠷᠡᠭᠲᠡᠢ〉 ᠭᠡᠳᠡᠭ ᠭᠦᠨ ᠶᠣᠰᠣ ᠶᠢ ᠲᠠᠨᠢᠭᠤᠯᠤᠭᠰᠠᠨ ᠶᠡᠭᠡ ᠰᠤᠷᠭᠠᠭᠤᠯᠢ ᠶᠢᠨ ᠮᠠᠨᠢ ᠪᠠᠭᠰᠢ ᠶᠢᠨ ᠵᠢᠭᠠᠨ ᠵᠢᠯᠣᠭᠤᠳᠤᠯᠭ᠎ᠠ ᠨᠢ ᠬᠤᠶᠢᠰᠢᠳᠠ ᠶᠢᠨ ᠡᠷᠳᠡᠮ ᠰᠢᠨᠵᠢᠯᠡᠭᠡᠨ ᠤ ᠴᠢᠬᠤᠯᠠ ᠴᠢᠭᠯᠡᠯ ᠢ ᠵᠢᠭᠠᠵᠤ ᠥᠭ᠍ᠭᠦᠭ᠍ᠰᠡᠨ᠃ ᠦᠨᠡᠨ ᠳᠡᠭᠡᠨ ᠡᠨᠡ ᠵᠠᠷᠴᠢᠮ ᠮᠢᠨᠤ ᠪᠦᠬᠦ᠋ᠢᠯᠡ ᠰᠤᠳᠤᠯᠭᠠᠨ ᠤ ᠶᠠᠪᠤᠴᠠ ᠶᠢ ᠨᠥᠯᠥᠭᠡᠯᠡᠭᠰᠡᠭᠡᠷ ᠢᠷᠠᠵᠠᠢ》 ᠭᠡᠵᠦ ᠮᠢᠩᠭ᠋ᠠᠨᠴᠣᠭᠲᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃

    ᠣᠶᠢᠯᠠᠭᠠᠭᠰᠠᠨ ᠢᠶᠠᠷ᠂ ᠮᠢᠩᠭ᠋ᠠᠨᠴᠣᠭᠲᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠳ ᠨᠢ ᠠᠭᠤᠰᠤᠭᠴᠢ ᠪᠢᠴᠢᠯ ᠡᠰ ᠤᠳ ᠤᠨ ᠬᠤᠣᠷᠠᠲᠤ ᠦᠷ᠎ᠡ ᠳ᠋ᠦᠩ ᠢ ᠬᠠᠷᠠᠭᠤᠯᠤᠭᠰᠠᠨ PhD ᠪᠣᠯᠣᠨ ᠲᠤᠰ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠰᠤᠳᠤᠯᠤᠭᠰᠠᠨ ᠰᠤᠳᠤᠯᠭᠠᠨ ᠠᠴᠠ ᠡᠬᠢᠯᠡᠨ ᠠᠦ᠋ᠰᠲ᠋ᠷᠠᠯᠢᠶ᠎ᠠ ᠶᠢᠨ ᠵᠢᠭᠦᠷᠳᠠᠠ ᠤ ᠠᠵᠤ ᠠᠬᠤᠢ ᠶᠢᠨ ᠬᠦᠷᠢᠶ᠎ᠡ ᠴᠠᠷ᠎ᠠ ᠶᠢ ᠰᠠᠶᠢᠵᠢᠷᠠᠭᠤᠯᠬᠤ ᠲᠠᠯ᠎ᠠ ᠪᠠᠷ ᠮᠠᠰᠢ ᠴᠢᠬᠤᠯᠠ ᠤᠳᠬ᠎ᠠ ᠠᠭᠤᠯᠭ᠎ᠠ ᠲᠠᠢ ᠶᠤᠮ᠃ ᠵᠥᠪᠬᠡᠨ 1991 ᠣᠨ ᠳᠤ ᠰᠢᠳ᠋ᠨᠢ ᠳᠠᠬᠢ ᠳᠡᠯᠡᠬᠡᠢ ᠶᠢᠨ ᠵᠢᠭᠦᠷᠳᠡᠠ ᠤ ᠰᠤᠳᠤᠯᠤᠯ ᠤᠨ ᠨᠡᠶᠢᠭᠡᠮᠯᠢᠭ᠌ ᠤᠨ ᠱᠠᠩᠨᠠᠯ ᠠᠪᠤᠭᠰᠠᠨ ᠰᠤᠳᠤᠯᠭᠠᠨ ᠨᠢ ᠲᠤᠬᠠᠢ ᠶᠢᠨ ᠬᠦᠷᠢᠶᠡᠨ ᠳᠤ ᠬᠡᠳᠦᠨ ᠰᠠᠶ᠎ᠠ ᠳ᠋ᠣᠯᠯᠠᠷ ᠨᠡᠮᠡᠷᠢᠯᠡᠭᠰᠡᠨ ᠪᠠᠶᠢᠨ᠎ᠠ᠃ ᠮᠢᠩᠭ᠋ᠠᠨᠴᠣᠭᠲᠤ ᠠᠦ᠋ᠰᠲ᠋ᠷᠠᠯᠢᠶ᠎ᠠ  ᠶᠢᠨ ᠰᠢᠨ᠎ᠡ ᠢᠩᠭ᠍ᠯᠠᠨᠳ᠋ ᠶᠡᠭᠡ ᠰᠤᠷᠭᠠᠭᠤᠯᠢ ᠶᠢᠨ ᠮᠤᠨᠣ᠋ ᠬᠤᠳᠣᠭᠤᠳᠤ ᠲᠠᠢ ᠠᠮᠢᠲᠠᠳ ᠤᠨ ᠨᠡᠭᠦᠷᠡᠰᠦ ᠬᠦᠴᠢᠯ ᠤᠨ ᠬᠢᠮᠢ ᠶᠢᠨ ᠪᠣᠯᠪᠠᠰᠤᠷᠠᠭᠤᠯᠤᠯᠲᠠ ᠪᠠ ᠲᠡᠳᠡᠭᠡᠷ ᠠᠮᠢᠲᠠᠳ ᠤᠨ ᠬᠤᠭᠤᠯᠠ ᠲᠡᠵᠢᠭᠡᠯ ᠤᠨ ᠠᠰᠠᠭᠤᠳᠠᠯ ᠢᠶᠠᠷ ᠮᠡᠷᠭᠡᠰᠢᠭᠰᠡᠨ ᠡᠷᠳᠡᠮᠳᠠᠠ ᠶᠤᠮ᠃

    ᠮᠢᠩᠭ᠋ᠠᠨᠴᠣᠭᠲᠤ 1995 ᠣᠨ ᠳᠤ ᠰᠢᠨ᠎ᠡ ᠢᠩᠭ᠍ᠯᠠᠠᠳ᠋ ᠶᠡᠭᠡ ᠰᠤᠷᠭᠠᠭᠤᠯᠢ ᠳᠤ ᠯᠧᠺᠲ᠋ᠣᠷ ᠢᠶᠠᠷ ᠢᠷᠡᠵᠦ᠂ 1997 ᠣᠨ ᠳᠤ ᠠᠬᠠᠯᠠᠬᠤ ᠯᠧᠺᠲ᠋ᠣᠷ᠂ 2000 ᠣᠨ ᠳᠤ ᠳᠡᠳ᠋ ᠫᠷᠣᠹᠧᠰᠰᠣᠷ᠂ 2003 ᠣᠨ ᠳᠤ ᠫᠷᠣᠹᠧᠰᠰᠣᠷ ᠪᠤᠯᠵᠠᠢ᠃ 2002 ᠣᠨ ᠳᠤ ᠵᠢᠭᠦᠷᠳᠡᠠ ᠤ ᠰᠤᠳᠤᠯᠤᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ᠌ ᠪᠠᠶᠢᠭᠤᠯᠬᠤ ᠠᠵᠢᠯ ᠢ ᠭᠠᠷᠳᠠᠠ ᠵᠣᠬᠢᠶᠠᠠ ᠪᠠᠶᠢᠭᠤᠯᠵᠤ᠂ 2003 ᠣᠨ ᠤ 5 ᠰᠠᠷ᠎ᠠ ᠳᠤ ᠵᠢᠭᠦᠷᠳᠡᠠ ᠤ ᠰᠤᠳᠤᠯᠤᠯ ᠤᠨ ᠡᠷᠳᠡᠮ ᠰᠢᠨᠵᠢᠯᠡᠭᠡᠨ ᠤ ᠨᠡᠶᠢᠭᠡᠮᠯᠢᠭ᠌ ᠤᠨ ᠲᠡᠷᠢᠭᠦᠨ ᠬᠦᠢᠴᠡᠳᠭᠡᠭ᠍ᠴᠢ ᠲᠠᠷᠤᠭ᠎ᠠ ᠪᠠᠷ ᠲᠣᠮᠢᠯᠠᠭᠳᠠᠭᠰᠠᠨ ᠪᠢᠯᠡ᠃

    《ᠰᠤᠷᠴᠤ ᠠᠵᠢᠯᠯᠠᠵᠤ ᠪᠠᠶᠢᠭᠰᠠᠨ ᠬᠠᠷᠢᠴᠠᠩ᠋ᠭᠤᠢ ᠪᠣᠭᠤᠨᠢ ᠬᠤᠭᠤᠴᠠᠭᠠᠨ ᠳᠤ ᠮᠢᠩᠭ᠋ᠠᠨᠴᠣᠭᠲᠤ ᠰᠢᠨᠵᠢᠯᠡᠬᠦ ᠤᠬᠠᠭᠠᠨ ᠤ ᠰᠡᠳᠬᠦᠯ᠂ ᠰᠤᠳᠤᠯᠤᠨ ᠶᠠᠷᠢᠯᠴᠠᠬᠤ ᠬᠤᠷᠠᠯ ᠳᠤ 170 ᠬᠤᠪᠢ ᠡᠷᠳᠡᠮ ᠰᠢᠨᠵᠢᠯᠡᠭᠡᠨ ᠤ ᠥᠭᠦᠯᠡᠯ ᠨᠡᠶᠢᠲᠡᠯᠡᠵᠦ᠂ 12 ᠨᠣᠮ ᠲᠣᠪᠬᠢᠮᠠᠯ ᠭᠠᠷᠭᠠᠭᠰᠠᠨ ᠪᠠ ᠭᠠᠷᠭᠠᠬᠤ ᠳᠤ ᠣᠷᠣᠯᠴᠠᠭᠰᠠᠨ ᠪᠠᠶᠢᠨ᠎ᠠ》 ᠭᠡᠵᠦ 2004 ᠣᠨ ᠤ ᠠᠦ᠋ᠰᠲ᠋ᠷᠠᠯᠢᠶ᠎ᠠ ᠶᠢᠨ ᠵᠢᠭᠦᠷᠲᠡᠨ ᠤ ᠰᠤᠳᠤᠯᠤᠯ ᠤᠨ ᠨᠡᠶᠢᠭᠡᠮᠯᠢᠭ᠌ ᠤᠨ ᠬᠤᠷᠠᠯ ᠳᠡᠭᠡᠷ᠎ᠡ ᠣᠨᠴᠠᠯᠠᠨ ᠳᠤᠷᠠᠳᠴᠤ᠂《ᠵᠢᠭᠦᠷᠲᠡᠨ ᠤ ᠰᠤᠳᠤᠯᠤᠯ ᠤᠨ ᠡᠷᠳᠡᠮ ᠰᠢᠨᠵᠢᠯᠡᠭᠡᠨ ᠤ ᠨᠡᠢᠢᠭᠡᠮᠯᠢᠭ᠌ ᠪᠠᠶᠢᠭᠤᠯᠬᠤ ᠠᠵᠢᠯ ᠨᠢᠭᠡ ᠶᠡᠭᠡ ᠠᠮᠵᠢᠯᠲᠠ ᠳᠤ ᠬᠦᠷᠦᠭᠡ ᠦᠭᠡᠢ ᠪᠠᠶᠢᠭᠰᠠᠨ ᠪᠣᠯᠪᠠᠴᠤ ᠲᠡᠷᠡᠪᠠᠷ ᠶᠡᠭᠡ ᠰᠤᠷᠭᠠᠭᠤᠯᠢ᠂ ᠠᠵᠤ ᠠᠬᠤᠶᠢᠯᠠᠯ ᠤᠨ ᠣᠯᠠᠨ ᠬᠥᠮᠥᠨ ᠢ ᠢᠳᠬᠠᠨ ᠤᠬᠠᠭᠤᠯᠵᠤ᠂ ᠤᠴᠢᠷ ᠰᠢᠯᠲᠠᠭᠠᠨ ᠢ ᠲᠠᠶᠢᠯᠪᠤᠷᠢᠯᠠᠨ ᠣᠶᠢᠯᠠᠭᠠᠭᠤᠯᠤᠭᠰᠠᠨ ᠢᠶᠠᠷ ᠥᠪᠡᠷ ᠤᠨ ᠰᠤᠳᠤᠯᠭᠠᠨ ᠤ ᠠᠵᠢᠯ ᠳᠤ ᠲᠠᠲᠠᠭᠰᠠᠨ ᠶᠤᠮ》 ᠭᠡᠵᠤ ᠠᠦ᠋ᠰᠲ᠋ᠷᠡᠯᠢᠶ᠎ᠠ ᠶᠢᠨ ᠵᠠᠰᠠᠭ ᠤᠨ ᠭᠠᠵᠠᠷ ᠤᠨ ᠲᠥᠯᠥᠭᠡᠯᠡᠭᠴᠢ ᠬᠡᠯᠡᠭᠰᠡᠨ ᠪᠠᠶᠢᠪᠠ᠃

    ᠰᠢᠨ᠎ᠡ ᠢᠩᠭ᠍ᠯᠠᠨᠳ᠋ ᠶᠡᠭᠡ ᠰᠤᠷᠭᠠᠭᠤᠯᠢ ᠶᠢᠨ ᠫᠷᠣᠹᠧᠰᠰᠣᠷ ᠮᠢᠩᠭ᠋ᠠᠨᠴᠣᠭᠲᠤ ᠠᠯᠯᠲ᠋ᠧᠴᠢ ᠶᠢᠨ ᠲᠡᠷᠢᠭᠦᠨ ᠮᠧᠳᠠᠯ ᠢ ᠬᠦᠷᠲᠡᠭᠰᠡᠨ 15᠎ ᠳᠠᠬᠢ ᠬᠥᠮᠥᠨ ᠶᠤᠮ᠃ ᠵᠢᠯ ᠪᠦᠷᠢ ᠪᠠᠶᠢᠭᠠᠯᠢ ᠶᠢᠨ ᠰᠢᠨᠵᠢᠯᠡᠬᠦ ᠤᠬᠠᠭᠠᠨ ᠪᠣᠯᠣᠨ ᠠᠮᠢᠲᠠᠨ ᠤ ᠡᠷᠡᠭᠦᠯ ᠮᠡᠨᠳᠦ ᠶᠢ ᠰᠠᠶᠢᠵᠢᠷᠠᠭᠤᠯᠬᠤ ᠲᠠᠯ᠎ᠠ ᠪᠠᠷ ᠲᠡᠷᠢᠭᠦᠨ ᠤ ᠰᠢᠨᠵᠢᠯᠡᠭᠡ ᠰᠤᠳᠤᠯᠭᠠᠨ ᠤ ᠠᠵᠢᠯ ᠬᠢᠭ᠍ᠰᠡᠨ ᠡᠷᠳᠡᠮᠲᠡᠳ ᠤᠨ ᠲᠤᠮᠳᠠ ᠠᠴᠠ ᠰᠣᠩ᠋ᠭᠤᠨ ᠰᠢᠯᠭᠠᠷᠠᠭᠤᠯᠳᠠᠭ᠃ ᠲᠤᠰ ᠮᠧᠳᠠᠯ ᠢ 2005 ᠣᠨ ᠤ 5 ᠰᠠᠷ᠎ᠠ ᠶᠢᠨ 2᠎ ᠤᠨ ᠡᠳᠦᠷ ᠠᠮᠧᠷᠢᠺᠠ ᠶᠢᠨ ᠺᠧᠨ᠋ᠲ᠋ᠠᠺᠢ ᠵᠸᠤ ᠶᠢᠨ ᠯᠧᠺᠰᠢᠩᠲ᠋ᠤᠠ ᠬᠤᠲᠠ ᠳᠤ ᠪᠤᠯᠤᠭᠰᠠᠠ ᠠᠵᠤ ᠦᠢᠯᠡᠳᠪᠦᠷᠢ ᠶᠢᠨ ᠰᠤᠳᠤᠯᠤᠠ ᠶᠠᠷᠢᠯᠴᠠᠬᠤ ᠬᠤᠷᠠᠯ ᠲᠡᠭᠡᠷ᠎ᠡ ᠮᠢᠩᠭ᠋ᠠᠨᠴᠣᠭᠲᠤ ᠶᠢᠨ 《 ᠢᠳᠡᠬᠡᠨ ᠤᠮᠳᠠᠭᠠᠨ ᠤ ᠬᠠᠩᠭᠠᠯᠭ᠎ᠠ ᠬᠢᠬᠡᠳ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ ᠳᠤ ᠠᠮᠢᠳᠤ ᠪᠣᠳᠠᠰ ᠤᠨ ᠮᠡᠷᠭᠡᠵᠢᠯ ᠤᠨ ᠠᠷᠭ᠎ᠠ ᠨᠤᠭᠤᠳ ᠢ ᠬᠡᠷᠡᠭᠯᠡᠬᠦ ᠨᠢ》 ᠭᠡᠬᠦ ᠰᠤᠳᠤᠯᠭᠠᠨ ᠤ ᠪᠦᠲᠦᠭᠡᠯ ᠲᠡᠷᠢᠭᠦᠨ ᠪᠠᠶᠢᠷᠢᠨ ᠳᠤ ᠲᠤᠳᠤᠷᠠᠵᠦ᠂ ᠮᠢᠩᠭ᠋ᠠᠨᠴᠣᠭᠲᠤ ᠶᠢᠨ ᠲᠡᠯᠡᠬᠡᠢ ᠶᠢᠨ ᠵᠢᠬᠦᠷᠳᠡᠨ ᠤ ᠰᠤᠳᠤᠯᠤᠯ ᠨᠢ ᠡᠳᠡ᠋ ᠤᠨ ᠵᠠᠰᠠᠭ ᠢ ᠬᠦᠭ᠍ᠵᠢᠬᠦᠯᠬᠦ ᠳᠤ ᠲᠦᠢᠯ ᠤᠨ ᠶᠡᠭᠡ ᠦᠷ᠎ᠠ ᠨᠦᠯᠤᠭᠡ ᠦᠵᠡᠬᠦᠯᠦᠭᠰᠡᠨ ᠪᠤᠯᠬᠤᠷ ᠲᠤᠰ ᠮᠧᠳᠠᠯ ᠢ ᠤᠯᠭᠤᠵᠤ᠂ ᠤᠯᠠᠨ ᠤᠯᠤᠰ ᠤᠨ ᠠᠯᠯᠲ᠋ᠧᠴᠢ ᠶᠢᠨ ᠲᠡᠷᠢᠭᠦᠨ ᠮᠧᠳᠠᠯ ᠢ ᠬᠦᠷᠲᠡᠭᠰᠡᠨ ᠤᠤᠭᠠᠨ ᠮᠤᠨᠭᠭᠤᠯ ᠬᠦᠮᠦᠨ ᠪᠤᠯᠤᠭᠰᠠᠨ ᠶᠤᠮ᠃

    ᠠᠦᠰᠲ᠋ᠷᠡᠯᠢᠶ᠎ᠠ ᠳᠤ ᠰᠠᠭᠤᠷᠢᠰᠢᠭᠠᠳ 30 ᠵᠢᠯ ᠳᠥᠬᠦᠵᠦ ᠪᠠᠶᠢᠭ᠎ᠠ ᠮᠢᠩᠭ᠋ᠠᠨᠴᠣᠭᠲᠤ ᠶᠢᠨ ᠭᠡᠷ ᠬᠤᠳᠠᠯᠠᠭᠠᠷ ᠢᠶᠠᠨ ᠮᠣᠩ᠋ᠭᠤᠯ ᠬᠤᠭᠤᠯᠠ᠂ ᠰᠦ ᠲᠠᠢ ᠴᠠᠢ ᠠᠴᠠ ᠪᠠᠨ ᠶᠡᠷᠦ ᠵᠠᠶᠢᠳᠠᠭ᠎ᠠ ᠦᠭᠡᠢ᠃
    — ᠨᠤᠲᠤᠭ ᠠᠴᠠ ᠬᠥᠮᠥᠨ ᠢᠷᠡᠬᠦ ᠪᠦᠷᠢ ᠬᠠᠭᠤᠷᠤᠭᠰᠠᠨ ᠪᠤᠳᠠᠭ᠎ᠠ᠂ ᠴᠠᠭᠠᠨ ᠢᠳᠡᠭᠡᠨ ᠢᠶᠠᠨ ᠵᠠᠬᠢᠵᠤ ᠠᠪᠴᠢᠷᠠᠭᠤᠯᠳᠠᠭ ᠰᠢᠦ ᠭᠡᠵᠤ ᠮᠢᠩᠭ᠋ᠠᠨᠴᠣᠭᠲᠤ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠵᠤ ᠪᠠᠶᠢᠯ᠎ᠠ᠃

    ᠮᠢᠩᠭ᠋ᠠᠨᠴᠣᠭᠲᠤ ᠬᠡᠦᠬᠡᠳ ᠤᠨ ᠢᠶᠠᠨ ᠰᠤᠷᠭᠠᠨ ᠬᠥᠮᠥᠵᠢᠯ ᠢ ᠶᠡᠭᠡᠳᠠ ᠠᠩᠬᠠᠷᠳᠠᠭ᠂ ᠬᠡᠦᠬᠡᠨ ᠨᠢ ᠬᠠᠶᠢᠯᠠᠰᠤ᠂ 24 ᠨᠠᠰᠤ ᠲᠠᠢ᠂ ᠰᠠᠶ᠋ᠢᠬᠠᠨ ᠶᠡᠭᠡ ᠰᠤᠷᠭᠠᠭᠤᠯᠢ ᠲᠡᠭᠦᠰᠴᠦ᠂ ᠳᠡᠯᠡᠬᠡᠢ ᠳ᠋ᠠᠬᠢᠨ ᠢᠶᠠᠷ ᠲᠣᠭᠤᠷᠢᠵᠤ ᠶᠠᠭᠤᠮ᠎ᠠ ᠦᠵᠡᠵᠦ ᠨᠢᠳᠦ ᠨᠡᠭᠡᠭᠡᠵᠦ ᠶᠠᠪᠤᠨ᠎ᠠ᠃ ᠬᠡᠦᠬᠡᠨ ᠢᠶᠠᠨ ᠮᠣᠩᠭ᠋ᠤᠯ ᠦᠭᠡ ᠬᠡᠯᠡᠨ ᠤ ᠣᠷᠴᠢᠨ ᠳᠤ ᠳᠠᠰᠬᠠᠬᠤ᠂ ᠮᠣᠩ᠋ᠭᠤᠯ ᠵᠠᠩ ᠵᠠᠩᠰᠢᠯ ᠢ ᠮᠡᠳᠡᠭᠦᠯᠬᠦ᠂ ᠲᠡᠦᠬᠡ ᠰᠣᠶᠣᠯ ᠤᠨ ᠲᠤᠬᠠᠢ ᠤᠯᠠᠮ ᠨᠢᠭᠡ ᠠᠯᠬᠤᠮ ᠤᠨ ᠣᠶᠢᠯᠠᠭᠠᠯᠲᠠ ᠲᠠᠢ ᠪᠣᠯᠭᠠᠬᠤ ᠵᠣᠷᠢᠯᠭ᠎ᠠ ᠪᠠᠷ ᠮᠣᠩ᠋ᠭᠤᠯ ᠤᠯᠤᠰ ᠲᠤ ᠬᠡᠰᠡᠭ ᠬᠤᠭᠤᠴᠠᠭ᠎ᠠ ᠰᠤᠷᠤᠯᠴᠠᠭᠤᠯᠤᠭᠰᠠᠨ ᠭᠡᠳᠡᠭ᠃ ᠬᠦᠦ ᠨᠢ ᠵᠤᠯᠵᠢᠷᠭᠠᠯ᠂ 16 ᠨᠠᠰᠤ ᠲᠠᠢ᠂ ᠲᠡᠭᠦᠯᠳᠡᠷ ᠬᠤᠭᠤᠷ ᠲᠤ ᠣᠨᠴᠠ ᠶᠢᠨ ᠠᠪᠢᠶᠠᠰ ᠲᠠᠢ᠂ ᠲᠡᠷᠡ ᠪᠠᠷ ᠨᠤᠲᠤᠭ ᠪᠤᠴᠠᠬᠤ ᠪᠦᠷᠢ ᠬᠡᠦᠬᠡᠳ ᠢᠶᠠᠨ ᠳᠠᠭᠠᠭᠤᠯᠵᠤ᠂ ᠨᠤᠲᠤᠭ ᠤᠰᠤ ᠪᠠᠨ ᠲᠠᠨᠢᠭᠤᠯᠵᠤ᠂ ᠲᠡᠦᠬᠡ ᠰᠣᠶᠣᠯ ᠢᠶᠠᠨ ᠮᠡᠳᠡᠭᠦᠯᠬᠦ᠂ ᠣᠪᠣᠭ ᠠᠶᠢᠮᠠᠭ ᠢᠶᠠᠨ ᠲᠠᠨᠢᠭᠤᠯᠬᠤ ᠶᠢ ᠵᠣᠷᠢᠳᠠᠭ᠃
   — ᠥᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠣᠯᠵᠤ ᠰᠣᠶᠣᠯ ᠲᠡᠦᠬᠡ ᠪᠠᠨ ᠬᠦᠨᠳᠦᠳᠬᠡᠵᠦ ᠰᠤᠷᠬᠤ ᠬᠡᠷᠡᠭᠲᠡᠢ᠂ ᠥᠪᠡᠷ ᠤᠨ ᠰᠣᠶᠣᠯ ᠢᠶᠠᠨ ᠥᠪᠡᠷ ᠢᠶᠠᠨ ᠬᠦᠨᠳᠦᠳᠬᠡᠪᠡᠯ ᠰᠠᠶ᠋ᠢ ᠪᠤᠰᠤᠳ ᠬᠥᠮᠥᠨ ᠴᠢᠨᠦ ᠰᠣᠶᠣᠯ ᠢ ᠬᠦᠨᠳᠦᠳᠬᠡᠨ᠎ᠡ ᠭᠡᠨ᠎ᠡ᠃
   — ᠨᠤᠲᠤᠭ ᠤᠰᠤᠠ ᠤ ᠴᠡᠴᠡᠭᠯᠠᠠ ᠭᠦᠭ᠍ᠵᠢᠯᠳᠠ ᠶᠢ ᠬᠠᠷᠠᠭᠠᠳ ᠰᠡᠳᠬᠢᠯ ᠪᠠᠶᠠᠰᠳᠠᠭ᠂ ᠨᠥᠭᠦᠭᠡ ᠲᠠᠯ᠎ᠠ ᠪᠠᠷ ᠰᠣᠶᠣᠯ ᠲᠡᠦᠬᠡ ᠬᠠᠮᠠᠭᠠᠯᠠᠭᠳᠠᠵᠤ ᠴᠢᠳᠠᠬᠤ ᠦᠭᠡᠢ ᠪᠠᠶᠢᠬᠤ ᠳᠤ ᠰᠡᠳᠬᠢᠯ ᠶᠡᠭᠡ ᠡᠮᠵᠡᠭᠯᠡᠨ᠎ᠠ᠃ ᠴᠠᠭ ᠦᠶ᠎ᠡ ᠬᠤᠪᠢᠷᠠᠵᠤ ᠪᠠᠶᠢᠨ᠎ᠠ᠂ ᠰᠣᠶᠣᠯ ᠪᠠᠰᠠ ᠳᠠᠭᠠᠭᠠᠳ ᠬᠤᠪᠢᠷᠠᠨ᠎ᠠ᠂ ᠰᠢᠨ᠎ᠡ ᠰᠣᠶᠣᠯ ᠤᠨ ᠶᠡᠭᠡ ᠣᠷᠴᠢᠨ ᠳᠤ ᠤᠤᠯ ᠤᠨ ᠬᠡᠯᠪᠡᠷᠢ ᠶᠠᠩᠵᠤ ᠪᠠᠷ ᠶᠠᠪᠤᠬᠤ ᠳᠤ ᠬᠡᠴᠡᠭᠦᠦ ᠪᠣᠯᠪᠠᠴᠤ ᠥᠪᠡᠷ ᠤᠨ ᠪᠡᠶ᠎ᠡ ᠪᠠᠨ ᠢᠳᠡᠭᠡᠵᠤ᠂ ᠥᠪᠡᠷ ᠤᠨ ᠰᠣᠶᠣᠯ ᠲᠡᠦᠬᠡ ᠪᠠᠨ ᠬᠦᠨᠳᠦᠳᠬᠡᠵᠦ᠂ 《ᠪᠢ ᠴᠣᠬᠤᠮ ᠬᠡᠨ ᠪᠤᠢ᠂ ᠬᠠᠮᠢᠭ᠎ᠠ ᠠᠴᠠ ᠢᠷᠡᠭᠡ ᠪᠤᠢ》 ᠭᠡᠳᠡᠭ ᠠᠰᠠᠭᠤᠯᠲᠠ ᠶᠢ ᠪᠠᠶᠢᠩ᠋ᠭᠤ ᠪᠣᠳᠣᠵᠤ ᠶᠠᠪᠤᠬᠤ ᠬᠡᠷᠡᠭᠲᠡᠢ᠂ ᠪᠤᠰᠤᠳ ᠤᠨ ᠰᠠᠶᠢᠨ ᠵᠦᠢᠯ ᠢ ᠰᠤᠷᠴᠤ ᠰᠤᠳᠤᠯᠬᠤ ᠬᠡᠷᠡᠭᠲᠡᠢ᠂ ᠮᠣᠩ᠋ᠭᠤᠯᠴᠤᠳ ᠪᠢᠳᠠ ᠶᠡᠭᠡ ᠰᠣᠶᠣᠯ ᠤᠨ ᠳᠤᠮᠳᠠ ᠠᠴᠠ ᠥᠪᠡᠷ ᠤᠨ ᠰᠣᠶᠣᠯ ᠢᠶᠠᠨ ᠠᠪᠴᠤ ᠶᠠᠪᠤᠬᠤ ᠤᠬᠠᠭᠠᠨ ᠢ ᠤᠯᠠᠮ ᠴᠢᠨᠠᠬᠰᠢᠳᠠ ᠰᠤᠷᠬᠤ ᠴᠢᠬᠤᠯᠠᠳᠠᠢ ᠭᠡᠵᠦ ᠮᠢᠩᠭ᠋ᠠᠨᠴᠤᠭᠳᠤ ᠰᠠᠨᠠᠭᠠᠰᠢᠷᠠᠨ᠎ᠠ᠃

ᠢᠷᠡᠯᠳᠡ᠄ ᠳᠤᠮᠳᠠᠳᠤ ᠤᠯᠤᠰ ᠤᠨ ᠮᠤᠨᠭᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001117366332