蒙古文网站Logo
ᠰᠢᠨᠬᠤᠸᠠ ᠮᠤᠩᠭ᠋ᠤᠯ ᠨᠧᠲ

ᠰᠢᠭᠤᠷᠭᠠᠨ --ᠠᠯᠳᠠᠷᠳᠤ ᠰᠢᠨᠵᠢᠯᠡᠬᠦ ᠤᠬᠠᠭᠠᠨᠲᠠᠨ᠂ ᠰᠤᠷᠭᠠᠨ ᠬᠦᠮᠦᠵᠢᠯ ᠤᠨ ᠵᠢᠳᠬᠦᠯᠲᠡᠨ

2015-12-30 10:06

     ᠰᠢᠨᠬᠤᠸᠠ ᠮᠤᠨᠭᠭᠤᠯ ᠨᠸᠲ  ᠬᠦᠬᠡᠬᠤᠲᠠ ᠶᠢᠨ 12 ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ(ᠰᠠᠷᠠᠨᠲᠦᠶᠠᠭ᠎ᠠ) ᠰᠢᠯᠢᠳᠡᠭ᠌ ᠡᠪ ᠬᠠᠮᠲᠤ ᠨᠠᠮ ᠤᠨ ᠭᠡᠰᠢᠭᠦᠨ᠂ ᠳᠤᠮᠳᠠᠳᠤ ᠤᠯᠤᠰ ᠤᠨ ᠢᠨᠵᠸᠨ᠋ᠸᠷᠢᠩ ᠤᠨ ᠬᠦᠷᠢᠶᠡᠯᠡᠩ ᠤᠨ ᠢᠨᠵᠸᠨ᠋ᠸᠷᠢᠩ᠂ ᠬᠦᠷᠢᠶᠡᠯᠡᠩ ᠤᠨ ᠤᠤᠯ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠦᠷᠡᠵᠢᠯ ᠲᠦᠯᠵᠢᠯ ᠤᠨ ᠠᠮᠢᠳᠤ ᠪᠤᠳᠠᠰ ᠤᠨ ᠤᠬᠠᠭᠠᠨᠲᠠᠨ ᠪᠤᠯᠤᠨ ᠠᠮᠢᠲᠤ ᠪᠤᠳᠠᠰ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ᠂ ᠰᠤᠷᠭᠠᠨ ᠬᠦᠮᠦᠵᠢᠯ ᠤᠨ ᠵᠢᠳᠬᠦᠯᠲᠡᠨ᠂ ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠤᠤᠯ ᠤᠨ ᠵᠠᠬᠢᠷᠤᠯ ᠰᠢᠭᠤᠷᠭᠠᠨ᠂ 12 ᠰᠠᠷ᠎ᠠ ᠶᠢᠨ 24 ᠤ ᠡᠳᠦᠷ ᠤᠨ 20᠄ 38 ᠲᠤ ᠪᠡᠬᠡᠵᠢᠩ ᠳᠤ ᠡᠪᠡᠳᠴᠢᠨ ᠢᠶᠡᠷ ᠨᠠᠰᠤ ᠪᠠᠷᠠᠪᠠ᠃

    ᠰᠢᠭᠤᠷᠭᠠᠨ᠂ ᠡᠷᠡᠭᠲᠡᠢ᠂ ᠮᠤᠨᠭᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1940 ᠤᠨ ᠤ 8 ᠰᠠᠷ᠎ᠠ  ᠳᠤ ᠬᠢᠩᠭ᠋ᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠳᠤ ᠮᠡᠨᠳᠤᠯᠡᠪᠡ᠃ ᠳᠤᠮᠳᠠᠳᠤ ᠤᠯᠤᠰ ᠤᠨ ᠢᠨᠵᠸᠨ᠋ᠸᠷᠢᠩ ᠤᠨ ᠬᠦᠷᠢᠶᠡᠯᠡᠩ ᠤᠨ ᠢᠨᠵᠸᠨ᠋ᠸᠷᠢᠩ᠂ ᠠᠯᠳᠠᠷᠳᠤ ᠰᠢᠨᠵᠢᠯᠠᠬᠦ ᠤᠬᠠᠭᠠᠨᠲᠠᠨ᠂ ᠰᠤᠷᠭᠠᠨ ᠬᠦᠮᠦᠵᠢᠯ ᠤᠨ ᠵᠢᠳᠬᠦᠯᠲᠡᠨ ᠂ ᠳᠤᠮᠳᠠᠳᠤ ᠤᠯᠤᠰ ᠤᠨ ᠦᠷᠡᠵᠢᠯ ᠲᠦᠯᠵᠢᠯ ᠤᠨ ᠠᠮᠢᠳᠤ ᠪᠤᠳᠠᠰ ᠤᠨ ᠤᠬᠠᠭᠠᠨᠲᠠᠨ ᠪᠤᠯᠤᠨ ᠠᠮᠢᠲᠤ ᠪᠤᠳᠠᠰ ᠤᠨ ᠮᠡᠷᠭᠡᠵᠢᠯ ᠤᠨ ᠡᠷᠳᠡᠮᠲᠡᠨ᠃ 1993.5-2006.10 ᠤᠨ ᠬᠤᠭᠤᠷᠤᠨᠳᠤ ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠡᠭᠦᠷᠭᠡᠯᠡᠵᠦ ᠪᠠᠢᠢᠪᠠ᠃ ᠦᠪᠦᠷ ᠮᠤᠨᠭᠭᠤᠯ ᠤᠨ ᠶᠡᠬᠡ ᠰᠤᠷᠠᠭᠤᠯᠢ ᠶᠢᠨ ᠲᠤᠷᠰᠢᠯᠲᠠ ᠶᠢᠨ ᠠᠮᠢᠳᠤ ᠪᠤᠳᠠᠰ ᠤᠨ ᠰᠤᠳᠤᠯᠭᠠᠨ ᠤ ᠲᠦᠪ ᠤᠨ ᠡᠷᠬᠢᠯᠡᠭ᠍ᠴᠢ᠃ ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠫᠷᠤᠹᠸᠰᠰᠤᠷ᠂ ᠳ᠋ᠤᠺᠲ᠋ᠷᠠᠨᠲ ᠤᠨ ᠵᠢᠯᠤᠭᠤᠳᠤᠬᠴᠢ ᠪᠠᠬᠰᠢ᠃ ᠳᠤᠮᠳᠠᠳᠤ ᠤᠯᠤᠰ ᠤᠨ ᠢᠨᠵᠸᠨ᠋ᠸᠷᠢᠩ ᠤᠨ ᠬᠦᠷᠢᠶᠡᠯᠡᠩ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠢᠨᠵᠸᠨ᠋ᠸᠷᠢᠩ ᠤᠨ ᠬᠦᠷᠢᠶᠡᠯᠡᠩ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠨ᠂ ᠳᠤᠮᠳᠠᠳᠤ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠤᠳᠤᠯᠭᠠᠨ ᠤ ᠬᠤᠷᠠᠯ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠮᠠᠯᠵᠢᠯ ᠮᠠᠯ ᠡᠮᠨᠡᠯᠭᠡ ᠶᠢᠨ ᠤᠬᠠᠭᠠᠨ ᠤ ᠬᠤᠷᠠᠯ ᠤᠨ ᠳᠡᠳ᠋ ᠬᠡᠷᠡᠭ ᠮᠡᠳᠡᠭᠴᠢ ᠶᠢᠨ ᠳᠠᠷᠤᠭ᠎ᠠ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠭᠠᠠᠨ ᠮᠡᠷᠭᠡᠵᠢᠯ ᠤᠨ ᠵᠦᠪᠯᠡᠯᠭᠡᠨ ᠤ ᠨᠡᠷ᠎ᠡ ᠬᠦᠨᠳᠦᠳᠦ ᠲᠡᠷᠢᠭᠦᠯᠡᠭ᠍ᠴᠢ᠂ ᠳᠤᠮᠳᠠᠳᠤ ᠤᠯᠤᠰ ᠤᠨ ᠰᠢᠨᠵᠢᠯᠡᠬᠦ ᠤᠬᠭᠠᠠᠨ ᠮᠡᠷᠭᠡᠵᠢᠯ ᠤᠨ ᠵᠦᠪᠯᠡᠯᠭᠡᠨ ᠤ ᠳᠡᠳ᠋ ᠲᠡᠷᠢᠭᠦᠯᠡᠭ᠍ᠴᠢ ᠵᠡᠷᠭᠡ ᠲᠤᠰᠢᠶᠠᠯ ᠤᠳ ᠢ ᠡᠭᠦᠷᠭᠡᠯᠡᠵᠤ ᠦᠩᠭᠡᠷᠡᠵᠡᠢ᠃ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠵᠢᠷᠭᠤᠭ᠎ᠠ᠂ ᠳᠤᠯᠤᠳᠠᠬᠢ ᠡᠭᠡᠯᠵᠢ ᠶᠢᠨ ᠨᠠᠮ ᠤᠨ ᠬᠤᠷᠢᠶᠠᠨ ᠤ ᠭᠡᠰᠢᠭᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠲᠠᠪᠤ᠂ ᠠᠷᠪᠠᠨ ᠵᠢᠷᠭᠤᠭᠠᠳᠤᠬᠢ ᠤᠳᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭ᠍ᠴᠢᠳ ᠤᠨ ᠶᠡᠬᠡ ᠬᠤᠷᠠᠯ ᠤᠨ ᠲᠦᠯᠦᠭᠡᠯᠡᠭᠴᠢ ᠪᠠᠢᠢᠵᠦ ᠦᠩᠭᠡᠷᠡᠪᠡ᠃

    ᠰᠢᠭᠤᠷᠭᠠᠨ 1990  ᠳᠤ ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠠᠮᠢᠳᠤ ᠪᠤᠳᠠᠰ ᠤᠨ ᠰᠠᠯᠪᠤᠷᠢ ᠳᠤ ᠰᠢᠯᠭᠠᠭᠤᠯᠤᠨ ᠤᠷᠤᠵᠦ᠂ 1995 ᠤᠨ ᠳᠤ ᠰᠤᠷᠤᠯᠭ᠎ᠠ ᠪᠠᠨ ᠲᠡᠭᠦᠰᠬᠡᠵᠡᠢ᠃ 1982ᠤᠨ ᠳᠤ ᠶᠠᠫᠤᠨ ᠳᠤ ᠬᠦᠷᠴᠦ ᠰᠤᠷᠤᠯᠴᠠᠨ᠂ ᠭᠡᠷ ᠤᠨ ᠲᠡᠵᠢᠭᠡᠪᠦᠷᠢ ᠶᠢᠨ ᠦᠷᠡᠵᠢᠯ ᠤᠨ ᠤᠬᠠᠭᠠᠨ ᠤ ᠰᠤᠳᠤᠯᠭ᠎ᠠ ᠳᠤ ᠰᠢᠮᠳᠠᠵᠦ᠂ 1984 ᠤᠨ ᠤ3 ᠰᠠᠷ᠎ᠠ ᠶᠢᠨ 9 ᠤ ᠡᠳᠦᠷ ᠤᠨ 18᠄10 ᠲᠤ ᠳᠡᠯᠡᠬᠡᠢ ᠳᠡᠭᠡᠷᠡᠬᠢ ᠠᠩᠬᠠᠳᠠᠬᠴᠢ 《ᠬᠤᠷᠤᠭᠤ ᠰᠢᠯ ᠤᠨ ᠢᠰᠢᠭᠡ》 ᠵᠢ ᠪᠤᠢᠢᠵᠢᠭᠤᠯᠤᠨ ᠭᠠᠷᠭᠠᠵᠦ᠂ ᠳᠡᠯᠡᠬᠡᠢ ᠳᠠᠬᠢᠨ ᠢ ᠲᠦᠷᠭᠢᠭᠦᠯᠦᠭ᠍ᠰᠡᠨ ᠪᠠᠢᠢᠨ᠎ᠠ᠃ ᠢᠩᠬᠢᠭᠡᠳ ᠳᠡᠯᠡᠬᠡᠢ ᠶᠢᠨ ᠬᠦᠮᠦᠰ ᠲᠤ《ᠬᠤᠷᠤᠭᠤ ᠰᠢᠯ ᠤᠨ ᠢᠰᠢᠭᠡ ᠵᠢ ᠪᠤᠢᠢᠵᠢᠭᠤᠯᠤᠬᠴᠢ》ᠬᠡᠮᠡᠨ ᠨᠡᠷᠡᠯᠡᠭ᠍ᠳᠡᠳᠡᠭ᠌ ᠪᠤᠯᠤᠬᠰᠠᠨ ᠶᠤᠮ᠃ 1984 ᠤᠨ ᠳᠤ᠂ ᠪᠦᠲᠦᠨ ᠬᠤᠪᠢ ᠪᠡᠷ ᠶᠠᠫᠤᠨ ᠳᠡᠬᠢ ᠰᠤᠷᠤᠯᠭ᠎ᠠ ᠪᠠᠨ ᠲᠡᠭᠦᠰᠬᠡᠵᠦ᠂ ᠮᠠᠯ ᠡᠮᠨᠡᠯᠭᠡ ᠶᠢᠨ ᠤᠬᠠᠭᠠᠨ ᠤ ᠳ᠋ᠤᠺᠲ᠋ᠸᠷ ᠴᠤᠯᠠ ᠬᠠᠮᠠᠭᠠᠯᠠᠪᠠ᠃ ᠲᠡᠷᠡ ᠶᠡᠫᠤᠨ ᠳᠤ ᠦᠯᠡᠳᠡᠬᠦ ᠠᠰᠢᠭᠦᠢ ᠲᠤᠬᠢᠶᠠᠯ ᠢ ᠠᠷᠤ ᠳ᠋ᠠᠭᠠᠨ ᠬᠠᠶᠠᠵᠦ᠂ ᠡᠷᠡᠭᠡᠯᠵᠡᠯ ᠦᠭᠡᠢ ᠪᠡᠷ ᠦᠪᠡᠷ ᠤᠨ ᠡᠬᠡ ᠰᠤᠷᠭᠠᠭᠤᠯᠢ᠎-- ᠦᠪᠦᠷ ᠮᠤᠨᠭᠭᠤᠯ ᠤᠨ ᠶᠡᠬᠡ ᠰᠤᠷᠭᠠᠭᠤᠯᠢ ᠳᠠᠭᠠᠨ ᠪᠤᠴᠠᠨ ᠢᠷᠡᠵᠦ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠳᠡᠮᠵᠢᠯᠭᠡ ᠪᠡᠷ ᠤᠯᠠᠨ ᠤᠯᠤᠰ ᠤᠨ ᠬᠡᠪᠴᠢᠶᠠᠨ ᠳᠤ ᠤᠷᠤᠢᠢᠯᠠᠬᠰᠠᠨ ᠲᠤᠷᠰᠢᠯᠲᠠ ᠶᠢᠨ ᠰᠠᠭᠤᠷᠢᠨ ᠎-- ᠦᠪᠦᠷ ᠮᠤᠨᠭᠭᠤᠯ ᠤᠨ ᠶᠡᠬᠡ ᠰᠤᠷᠭᠠᠭᠤᠯᠢ ᠶᠢᠨ ᠲᠤᠷᠰᠢᠯᠲᠠ ᠶᠢᠨ ᠠᠮᠢᠲᠠᠨ ᠤ ᠰᠤᠳᠤᠯᠭᠠᠨ ᠤ ᠲᠦᠪ ᠢ ᠪᠠᠢᠢᠭᠤᠯᠪᠠ᠃

   ᠲᠡᠷᠡᠪᠡᠷ ᠤᠯᠤᠰ ᠤᠨ《863》ᠲᠦᠰᠦᠯ ᠵᠡᠷᠭᠡ ᠤᠯᠠᠨ ᠵᠦᠢᠯ ᠤᠨ ᠴᠢᠬᠤᠯᠠ ᠰᠤᠳᠤᠯᠭᠠᠨ ᠤ ᠰᠡᠳᠦᠪ ᠢ ᠪᠡᠶᠡᠴᠢᠯᠡᠨ ᠬᠦᠢᠴᠡᠳᠬᠡᠵᠦ᠂ ᠳᠤᠪᠤᠢᠢᠮ᠎ᠠ ᠦᠷ᠎ᠡ ᠪᠦᠲᠦᠮᠵᠢ ᠤᠯᠵᠠᠢ᠃1989 ᠤᠨ ᠳᠤ ᠤᠯᠤᠰ ᠲᠠᠭᠠᠨ《ᠬᠤᠷᠤᠭᠤ ᠰᠢᠯ ᠤᠨ ᠬᠤᠷᠠᠭ᠎ᠠ》᠂《ᠬᠤᠷᠤᠭᠤ ᠰᠢᠯ ᠤᠨ ᠲᠤᠭᠤᠯ》 ᠢ ᠪᠤᠢᠢᠵᠢᠭᠤᠯᠤᠨ ᠭᠠᠷᠭᠠᠵᠦ᠂ ᠬᠡᠳᠦᠨ ᠠᠩᠬᠠᠳᠠᠬᠴᠢ ᠵᠢ ᠳᠡᠮᠳᠡᠭ᠍ᠯᠡᠵᠦ᠂ ᠮᠦᠨ ᠤᠨ ᠳᠤ ᠳᠤᠮᠳᠠᠳᠤ ᠤᠯᠤᠰ ᠤᠨ ᠠᠷᠪᠠᠨ ᠲᠤᠮᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠲᠦᠭᠡᠯ ᠤᠨ ᠨᠢᠭᠡ ᠪᠡᠷ ᠰᠤᠨᠭᠭᠤᠬᠳᠠᠪᠠ᠃ ᠲᠡᠭᠦᠨ ᠤ ᠪᠠᠢᠢᠭᠤᠯᠤᠬᠰᠠᠨ ᠰᠤᠳᠤᠯᠭᠠᠨ ᠤ ᠲᠦᠪ ᠨᠢ 2001 ᠤᠨ ᠳᠤ ᠤᠯᠤᠰ ᠤᠨ ᠰᠤᠷᠭᠠᠨ ᠬᠦᠮᠦᠵᠢᠯ ᠤᠨ ᠶᠠᠮᠤᠨ ᠤ ᠬᠦᠬᠦᠲᠡᠨ ᠠᠮᠢᠲᠠᠨ ᠤ ᠦᠷᠡᠵᠢᠯ ᠤᠨ ᠠᠮᠢᠳᠤ ᠪᠤᠳᠠᠰ ᠤᠨ ᠤᠬᠠᠭᠠᠨ ᠪᠠ ᠠᠮᠢᠳᠤ ᠪᠤᠳᠠᠰ ᠤᠨ ᠮᠡᠷᠭᠡᠵᠢᠯ ᠤᠨ ᠭᠤᠤᠯ ᠪᠤᠯᠬᠤ ᠲᠤᠷᠰᠢᠯᠲᠠ ᠶᠢᠨ ᠲᠠᠰᠤᠬ ᠪᠤᠯᠤᠨ ᠳᠡᠪᠰᠢᠵᠦ᠂ 2002 ᠤᠨ ᠳᠤ ᠤᠯᠤᠰ ᠤᠨ ᠳᠡᠰ ᠤᠨ ᠠᠮᠢᠲᠠᠨ ᠤ ᠰᠤᠳᠤᠯᠭᠠᠨ ᠤ 4 ᠭᠤᠤᠯ ᠪᠤᠯᠬᠤ ᠰᠠᠯᠪᠤᠷᠢ ᠰᠢᠨᠵᠢᠯᠠᠭᠡᠨ ᠤ ᠨᠢᠭᠡ ᠪᠤᠯᠤᠬᠰᠠᠨ ᠶᠤᠮ᠃

    ᠲᠡᠷᠡ ᠰᠤᠳᠤᠯᠭᠠᠨ ᠤ ᠪᠠᠬ ᠢᠶᠡᠨ ᠳᠠᠢᠢᠴᠢᠯᠠᠵᠦ᠂ ᠶᠡᠬᠡ ᠬᠡᠮᠵᠢᠶᠡᠨ ᠤ ᠲᠤᠭ᠎ᠠ ᠪᠠᠷᠢᠮᠲᠠ ᠴᠤᠬᠯᠠᠭᠤᠯᠤᠨ᠂ ᠬᠦᠬᠦᠲᠡᠨ ᠠᠮᠢᠲᠠᠨ ᠤ ᠦᠷ᠎ᠡ ᠲᠤᠬᠲᠠᠬᠤ᠂ ᠠᠮᠢ ᠨᠠᠰᠤᠨ ᠤ ᠨᠢᠭᠤᠴᠠ ᠵᠢ ᠲᠠᠢᠢᠯᠠᠬᠤ ᠳᠤ ᠰᠢᠨᠵᠢᠯᠠᠬᠦ ᠤᠬᠠᠭᠠᠨ ᠤ ᠪᠠᠳᠤᠲᠠᠢ ᠪᠠᠷᠢᠮᠲᠠ ᠬᠠᠨᠭᠭᠠᠵᠦ᠂ ᠬᠦᠢᠰᠦ ᠵᠢ ᠢᠯᠭᠠᠬᠤ᠂ ᠠᠮᠢᠲᠠᠨ ᠢ ᠺᠡᠯᠦ᠋ᠩᠨᠡᠬᠦ ᠪᠠ ᠠᠮᠢᠲᠠᠨ ᠤ ᠭᠸᠨ ᠢ ᠰᠢᠯᠵᠢᠭᠦᠯᠬᠦ ᠵᠡᠷᠭᠡ ᠠᠮᠢᠲᠤ ᠪᠤᠳᠠᠰ ᠤᠨ ᠮᠡᠷᠭᠡᠵᠢᠯ ᠤᠨ ᠲᠠᠯ᠎ᠠ ᠳᠤ ᠳᠠᠪᠠᠯᠲᠠ ᠭᠠᠷᠭᠠᠬᠤ ᠵᠢ ᠠᠬᠢᠭᠤᠯᠤᠬᠰᠠᠨ ᠶᠤᠮ᠃ ᠲᠡᠭᠦᠨ ᠤ ᠰᠤᠳᠤᠯᠭᠠᠨ ᠤ ᠦᠷ᠎ᠡ ᠪᠦᠲᠦᠭᠡᠯ ᠨᠢ ᠤᠯᠠᠨ ᠤᠯᠤᠰ ᠤᠨ ᠡᠷᠳᠡᠮ ᠰᠢᠨᠵᠢᠯᠡᠭᠡᠨ ᠤ ᠬᠦᠷᠢᠶᠡᠨ ᠳᠤ ᠨᠦᠯᠦᠭᠡ ᠭᠠᠷᠭᠠᠵᠦ᠂ ᠤᠷᠢᠳ ᠬᠤᠵᠢᠳ ᠶᠠᠫᠤᠨ᠂ ᠠᠦ᠋ᠰᠲ᠋ᠷᠯᠢᠶ᠎ᠠ᠂ ᠺᠠᠨᠠᠳᠠ᠂ ᠠᠮᠸᠷᠢᠺᠠ᠂ ᠢᠰᠫᠠᠨᠢ᠂ ᠭ᠍ᠸᠷᠮᠠᠨ ᠵᠡᠷᠭᠡ ᠤᠯᠤᠰ ᠤᠷᠤᠨ ᠢᠶᠡᠷ ᠤᠷᠢᠬᠳᠠᠨ ᠠᠢᠢᠴᠢᠯᠠᠯᠲᠠ ᠬᠢᠪᠡ᠃ ᠲᠡᠷᠡᠪᠡᠷ ᠡᠷᠳᠡᠮ ᠰᠢᠨᠵᠢᠯᠡᠭᠡᠨ ᠤ ᠦᠭᠦᠯᠡᠯ 140 ᠭᠠᠷᠦᠢ ᠨᠡᠢᠢᠲᠡᠯᠡᠵᠦ᠂ 9 ᠤᠷᠴᠢᠭᠤᠯᠭ᠎ ᠠ ᠶᠢᠨ ᠪᠦᠲᠦᠭᠡᠯ ᠭᠠᠷᠭᠠᠬᠵᠠᠢ᠃ ᠳ᠋ᠤᠺᠲ᠋ᠸᠷ᠂ ᠮᠠᠭᠢᠰᠲ᠋ᠸᠷ ᠪᠤᠯᠤᠨ ᠰᠢᠨᠵᠢᠯᠡᠭᠡᠨ ᠤ ᠮᠡᠷᠭᠡᠵᠢᠯ ᠤᠨ ᠴᠢᠳᠠᠪᠤᠷᠢᠲᠠᠳ ᠨᠡᠢᠢᠲᠡ ᠵᠠᠭᠤ ᠭᠠᠷᠦᠢ ᠰᠢᠬᠠᠮ ᠬᠦᠮᠦᠵᠢᠭᠦᠯᠪᠡ᠃ ᠲᠡᠷᠡ ᠤᠯᠤᠰ ᠪᠠ ᠤᠷᠤᠨ ᠨᠤᠲᠤᠬ ᠤᠨ ᠶᠡᠬᠡ ᠪᠠᠭ᠎ᠠ 40 ᠭᠠᠷᠦᠢ ᠵᠦᠢᠯ ᠤᠨ ᠲᠦᠰᠦᠪ ᠢ ᠪᠡᠶᠡᠴᠢᠯᠡᠨ ᠭᠦᠢᠴᠡᠳᠬᠡᠵᠦ᠂ ᠰᠤᠳᠤᠯᠭᠠᠨ ᠤ ᠵᠠᠷᠤᠳᠠᠯ ᠮᠦᠩᠭᠦ 3000 ᠭᠠᠷᠦᠢ ᠲᠦᠮᠡ ᠳᠤ ᠬᠦᠷᠴᠦ᠂ ᠰᠤᠳᠤᠯᠭᠠᠨ ᠤ ᠪᠦᠲᠦᠭᠡᠯ ᠨᠢ ᠤᠯᠠᠨᠲᠠ ᠱᠠᠨᠭᠨᠠᠯ ᠬᠦᠷᠲᠡᠭ᠍ᠰᠡᠨ ᠪᠠᠢᠢᠨ᠎ᠠ᠃

    1994 ᠤᠨ ᠡᠴᠡ ᠰᠡᠭᠦᠯᠡᠷ᠂ ᠲᠡᠷᠡ ᠮᠡᠷᠭᠡᠵᠢᠯ ᠤᠨ ᠨᠡᠭᠡᠯᠲᠡ ᠬᠢᠬᠦ ᠳᠤ ᠬᠦᠴᠦᠯᠡᠵᠦ᠂ ᠠᠵᠦ ᠦᠢᠯᠡᠰᠵᠢᠭᠦᠯᠬᠦ ᠠᠵᠢᠯ ᠢᠶᠡᠨ ᠡᠬᠢᠯᠡᠭᠦᠯᠦᠭ᠍ᠰᠡᠨ ᠶᠤᠮ᠃ ᠲᠡᠷᠡᠪᠡᠷ᠂ ᠤᠷᠳᠤᠰ ᠲᠤ ᠠᠮᠢᠲᠤ ᠪᠤᠳᠠᠰ ᠤᠨ ᠳᠡᠭᠡᠳᠤ ᠰᠢᠨ᠎ᠡ ᠮᠡᠷᠭᠡᠵᠢᠯ ᠤᠨ ᠲᠤᠷᠰᠢᠯᠲᠠ ᠶᠢᠨ ᠰᠠᠭᠤᠷᠢᠨ ᠪᠠᠢᠢᠭᠤᠯᠵᠦ᠂ ᠬᠤᠷᠤᠭᠤ ᠰᠢᠯ ᠳᠤ ᠡᠷᠯᠢᠰᠡᠵᠢᠭᠦᠯᠦᠭ᠍ᠰᠡᠨ F3 ᠨᠤᠮᠸᠷᠲᠤ ᠢᠰᠢᠭᠡ ᠵᠢ ᠪᠤᠢᠢᠵᠢᠭᠤᠯᠤᠨ ᠭᠠᠷᠭᠠᠵᠦ᠂ ᠨᠤᠤᠯᠤᠷ ᠤᠨ ᠢᠮᠠᠭᠠᠨ ᠤ ᠦᠢᠯᠡᠰ ᠤᠨ ᠬᠦᠭ᠍ᠵᠢᠯᠲᠡ ᠳᠤ ᠰᠢᠨ᠎ᠡ ᠬᠤᠪᠢ ᠨᠡᠮᠡᠷᠢᠯᠡᠭ᠍ᠰᠡᠨ ᠶᠤᠮ᠃ ᠲᠡᠷᠡ ᠪᠠᠰᠠ᠂ ᠤᠯᠤᠰ ᠤᠨ ᠬᠤᠷᠤᠭᠤ ᠰᠢᠯ ᠤᠨ ᠦᠬᠡᠷ ᠤᠨ ᠮᠡᠷᠭᠡᠵᠢᠯ ᠳᠤ ᠨᠡᠭᠡᠭᠡᠯᠲᠡ ᠬᠢᠬᠦ ᠲᠤᠷᠰᠢᠯᠲᠠ ᠵᠢ ᠭᠠᠷᠳᠠᠵᠦ᠂ 1995 ᠤᠨ ᠪᠠ1999 ᠤᠨ ᠳᠤ ᠠᠦ᠋ᠰᠲ᠋ᠷᠯᠢᠶ᠎ᠠ ᠪᠠ ᠺᠠᠨᠠᠳᠠ ᠳᠤ ᠦᠬᠡᠷ ᠤᠨ ᠪᠡᠶ᠎ᠡ ᠶᠢᠨ ᠭᠠᠳᠠᠨ᠎ᠠ ᠦᠷ᠎ᠡ ᠲᠤᠬᠲᠠᠭᠠᠬᠤ ᠮᠡᠷᠭᠡᠵᠢᠯ ᠤᠨ ᠲᠤᠷᠰᠢᠯᠲᠠ ᠶᠢᠨ ᠲᠠᠰᠤᠬ ᠪᠠᠢᠢᠭᠤᠯᠵᠦ᠂ ᠭᠠᠳᠠᠭᠠᠳᠤ ᠳᠤ ᠰᠢᠯᠢᠳᠡᠭ᠌ ᠡᠭᠦᠯᠳᠡᠷ ᠤᠨ ᠪᠠᠶᠠᠯᠢᠬ ᠢ ᠬᠠᠨᠭᠭᠠᠬᠤ ᠨᠦᠭᠦᠴᠡᠯ ᠢ ᠪᠦᠷᠢᠯᠳᠦᠭᠦᠯᠦᠭᠰᠡᠨ ᠪᠠᠢᠢᠨ᠎ᠠ᠃ 1998 ᠤᠨ ᠤ 4 ᠰᠠᠷ᠎ᠠ ᠳᠤ᠂《ᠰᠢᠦᠢ ᠿᠢ ᠠᠮᠢᠳᠤ ᠪᠤᠳᠠᠰ ᠤᠨ ᠮᠡᠷᠭᠡᠵᠢᠯ ᠤᠨ ᠬᠤᠪᠢ ᠤᠷᠤᠭᠤᠯᠤᠬᠰᠠᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ》ᠨᠡᠭᠡᠭᠡᠯᠲᠠ ᠪᠠᠨ ᠬᠢᠵᠦ᠂《ᠬᠤᠷᠤᠭᠤ ᠰᠢᠯ ᠤᠨ ᠦᠬᠡᠷ》 ᠤᠨ ᠦᠢᠯᠡᠳᠪᠦᠷᠢᠯᠡᠯ ᠤᠨ ᠰᠠᠭᠤᠷᠢᠨ ᠵᠢᠩᠬᠢᠨᠢ ᠪᠡᠷ ᠪᠠᠢᠢᠭᠤᠯᠤᠬᠳᠠᠵᠦ ᠠᠵᠦ ᠦᠢᠯᠡᠰᠴᠢᠯᠡᠯᠲᠡ ᠶᠢᠨ ᠵᠠᠮ ᠤᠷᠤᠭᠤ ᠠᠯᠬᠤᠬᠰᠠᠨ ᠢ ᠬᠠᠷᠠᠭᠤᠯᠵᠠᠢ᠃

    

   ᠰᠢᠭᠤᠷᠭᠠᠨ ᠪᠠᠬᠰᠢ ᠮᠠᠨᠢ1993 ᠤᠨ ᠤ 5 ᠰᠠᠷ᠎ᠠ ᠡᠴᠡ ᠡᠬᠢᠯᠡᠨ ᠡᠬᠡ ᠰᠤᠷᠭᠠᠭᠤᠯᠢ ᠳᠠᠭᠠᠨ ᠵᠠᠬᠢᠷᠤᠯ ᠤᠨ ᠲᠤᠰᠢᠶᠠᠯ ᠢ ᠡᠭᠦᠷᠭᠡᠯᠡᠵᠦ᠂ ᠡᠨᠡᠬᠦ ᠲᠤᠰᠢᠶᠠᠯ  ᠳᠤ 14 ᠲᠦᠷᠪᠡᠨ ᠵᠢᠯ ᠠᠵᠢᠯᠯᠠᠨ᠂ ᠰᠤᠷᠭᠠᠭᠤᠯᠢ ᠶᠢᠨ ᠢᠶᠡᠨ ᠲᠦᠯᠦᠭᠡ ᠪᠦᠬᠦ ᠰᠡᠳᠬᠢᠯ ᠢᠶᠡᠷ ᠵᠢᠳᠬᠦᠭ᠍ᠰᠡᠨ ᠢᠶᠡᠷ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ᠌ ᠰᠤᠷᠭᠠᠭᠤᠯᠢ ᠶᠢᠨ ᠵᠠᠬᠢᠷᠤᠯ ᠢᠶᠡᠷ ᠦᠨᠡᠯᠡᠭ᠍ᠳᠡᠭ᠍ᠰᠡᠨ ᠪᠢᠯᠡ᠃

   ᠲᠤᠰᠢᠶᠠᠯ ᠤᠨ ᠬᠤᠭᠤᠴᠠᠭᠠᠨ ᠳᠠᠭᠠᠨ᠂ ᠲᠡᠷᠡ ᠰᠢᠨᠵᠢᠯᠡᠭᠡᠨ ᠤ ᠰᠠᠯᠪᠤᠷᠢ ᠶᠢᠨ ᠪᠠᠢᠢᠭᠤᠯᠤᠯᠲᠠ ᠪᠡᠷ ᠭᠤᠤᠯᠳᠠᠯᠭ᠎ᠠ ᠪᠤᠯᠭᠠᠨ᠂ ᠤᠯᠤᠰ ᠤᠨ ᠭᠤᠤᠯᠳᠠᠯᠭ᠎ᠠ ᠲᠠᠢ ᠰᠢᠨᠵᠢᠯᠡᠭᠡᠨ ᠤ ᠰᠠᠯᠪᠤᠷᠢ 1 ᠪᠠᠢᠢᠬᠰᠠᠨ ᠡᠴᠡ 2 ᠪᠤᠯᠭᠠᠵᠦ᠂ ᠨᠢᠭᠡᠳᠤᠭᠡᠷ ᠳᠡᠰ ᠤᠨ ᠰᠢᠨᠵᠢᠯᠡᠭᠡᠨ ᠤ ᠰᠠᠯᠪᠤᠷᠢ ᠶᠢᠨ ᠳ᠋ᠤᠺᠲ᠋ᠸᠷ ᠴᠤᠯᠠ ᠤᠯᠭᠤᠬᠤ ᠴᠢᠬ ᠪᠠᠢᠢᠬᠰᠠᠨ ᠦᠭᠡᠢ ᠲᠡᠦᠬᠡ ᠵᠢ ᠡᠴᠦᠰᠯᠠᠭᠦᠯᠵᠡᠢ᠃ ᠬᠤᠶᠠᠳᠤᠭᠠᠷ ᠳᠡᠰ ᠤᠨ ᠳ᠋ᠤᠺᠲ᠋ᠷ ᠴᠤᠯᠠ ᠤᠯᠭᠤᠬᠤ ᠴᠢᠬ 5 ᠪᠠᠢᠢᠬᠰᠠᠨ ᠢ ᠪᠠᠨ 19 ᠪᠤᠯᠭᠠᠵᠦ᠂ ᠮᠠᠭᠢᠰᠲ᠋ᠸᠷ ᠤᠨ ᠴᠤᠯᠠ ᠤᠯᠭᠤᠬᠤ ᠴᠢᠬ 15 ᠪᠠᠢᠢᠬᠰᠠᠨ ᠢ 92 ᠪᠤᠯᠭᠠᠨ᠂ 3 ᠠᠬᠠᠯᠠᠬᠴᠢ ᠳ᠋ᠤᠺᠲ᠋ᠸᠷ ᠤᠨ ᠦᠷᠲᠡᠭᠡ ᠨᠡᠮᠡᠨ ᠪᠠᠢᠢᠭᠤᠯᠪᠡ᠃ ᠪᠠᠰᠠ ᠰᠤᠷᠭᠠᠨ ᠬᠦᠮᠦᠵᠢᠯ ᠤᠨ ᠶᠠᠮᠤᠨ ᠤ ᠬᠦᠮᠦᠯᠢᠭ᠌ ᠨᠡᠢᠢᠭᠡᠮ ᠤᠨ ᠰᠢᠨᠵᠢᠯᠡᠬᠦ ᠤᠬᠠᠭᠠᠨ ᠤ ᠭᠤᠤᠯ ᠪᠤᠯᠬᠤ ᠰᠤᠳᠤᠯᠭᠠᠨ ᠤ ᠰᠠᠭᠤᠷᠢᠨ1᠂ ᠰᠤᠷᠭᠠᠨ ᠬᠦᠮᠦᠵᠢᠯ ᠤᠨ ᠶᠠᠮᠤᠨ ᠤ ᠭᠤᠤᠯ ᠪᠤᠯᠬᠤ ᠲᠤᠷᠰᠢᠯᠲᠠ ᠶᠢᠨ ᠲᠠᠰᠤᠬ1᠂ ᠤᠯᠤᠰ ᠤᠨ ᠳᠡᠰ ᠤᠨ ᠴᠢᠳᠠᠪᠤᠷᠢᠲᠠᠨ ᠢ ᠬᠦᠮᠦᠵᠢᠭᠦᠯᠬᠦ ᠰᠠᠭᠤᠷᠢᠨ4 ᠪᠤᠯᠭᠠᠨ ᠦᠷᠭᠡᠵᠢᠭᠦᠯᠵᠦ ᠰᠢᠨᠵᠢᠯᠠᠭᠡᠨ ᠤ ᠰᠠᠯᠪᠤᠷᠢ ᠵᠢ ᠤᠷᠢᠳ ᠭᠠᠷᠤᠭ᠎ᠠ ᠦᠭᠡᠢ ᠦᠷᠭᠡᠳᠬᠡᠨ ᠪᠠᠢᠢᠭᠤᠯᠤᠬᠰᠠᠨ ᠪᠠᠢᠢᠨ᠎ᠠ᠃

    ᠲᠡᠷᠡ ᠪᠠᠰᠠ ᠴᠢᠳᠠᠪᠤᠷᠢᠲᠠᠨ ᠬᠦᠮᠦᠵᠢᠭᠦᠯᠬᠦ ᠵᠢ ᠶᠡᠬᠡᠪᠡᠷ ᠴᠢᠬᠤᠯᠴᠢᠯᠠᠵᠦ᠂ ᠰᠤᠷᠤᠬᠴᠢ ᠡᠯᠡᠰᠬᠦ ᠲᠤᠭ᠎ᠠ ᠪᠠ ᠴᠢᠨᠰᠠᠭ᠎ᠠ ᠵᠢ ᠵᠡᠷᠭᠡᠪᠡᠷ ᠳᠡᠭᠡᠭ᠍ᠰᠢᠯᠡᠭᠦᠯᠪᠡ᠃ ᠦᠪᠦᠷ ᠮᠤᠨᠭᠭᠤᠯ ᠤᠨ ᠶᠡᠬᠡ ᠰᠤᠷᠭᠠᠭᠤᠯᠢ ᠨᠢ 1192 ᠤᠨ ᠳᠤ 3500 ᠰᠤᠷᠤᠬᠴᠢ ᠲᠠᠢ ᠪᠠᠢᠢᠬᠰᠠᠨ ᠢᠶᠡᠨ ᠤᠳᠤ ᠶᠢᠨ 23000 ᠭᠠᠷᠦᠢ ᠰᠤᠷᠤᠬᠴᠢ ᠲᠠᠢ ᠪᠤᠯᠵᠦ ᠦᠷᠭᠡᠵᠢᠨ᠂ ᠪᠦᠬᠦᠯᠢ ᠡᠳᠦᠷ ᠤᠨ ᠳᠦᠷᠢᠮᠲᠤ ᠠᠰᠫᠢᠷᠠᠨᠲ 70 ᠭᠠᠷᠦᠢ ᠪᠠᠢᠢᠬᠰᠠᠨ ᠢᠶᠡᠨ 3000 ᠰᠢᠬᠠᠮ ᠪᠤᠯᠵᠦ ᠨᠡᠮᠡᠭᠳᠡᠭᠡᠳ᠂ ᠤᠶᠤᠲᠠᠨ ᠡᠯᠰᠡᠭ᠍ᠰᠡᠨ ᠲᠤᠭ᠎ᠠ ᠦᠩᠭᠡᠷᠡᠭᠰᠡᠨ ᠬᠡᠳᠦᠨ ᠤᠨ ᠳᠤ ᠵᠢᠯ ᠳᠠᠷᠠᠭᠠᠯᠠᠨ ᠳᠡᠡᠭᠭ᠍ᠰᠢᠯᠡᠵᠡᠢ᠃ ᠃ ᠦᠨᠳᠦᠰᠦᠨ ᠠᠩᠬᠢ ᠶᠢᠨ ᠲᠤᠰᠬᠠᠢ ᠮᠡᠷᠭᠡᠵᠢᠯ ᠢᠶᠡᠷ ᠰᠠᠭᠤᠷᠢᠯᠠᠬᠤ ᠬᠡᠯᠪᠡᠷᠢ ᠪᠤᠯᠤᠨ ᠬᠡᠷᠡᠭᠯᠡᠭᠡᠨ ᠤ ᠬᠡᠯᠪᠡᠷᠢ ᠶᠢᠨ ᠬᠠᠷᠢᠴᠠᠯ 1᠄ 2 ᠪᠠᠢᠢᠬᠰᠠᠨ ᠢ 1᠄ 4 ᠪᠤᠯᠭᠠᠵᠦ᠂ ᠪᠠᠰᠠ MBA᠂ MPA᠂ ᠬᠠᠤᠯᠢ ᠶᠢᠨ ᠤᠬᠠᠭᠠᠨ ᠤ ᠮᠠᠬᠢᠰᠲ᠋ᠸᠷ᠂ ᠢᠨᠵᠸᠨ᠋ᠸᠷᠢᠩ ᠤᠨ ᠮᠠᠬᠢᠰᠲ᠋ᠸᠷ ᠵᠡᠷᠭᠡ ᠲᠤᠰᠬᠠᠢ ᠮᠡᠷᠭᠡᠵᠢᠯ ᠤᠨ ᠴᠤᠯᠠ ᠤᠯᠭᠤᠬᠤ ᠴᠢᠬ ᠪᠠᠢᠢᠭᠤᠯᠵᠦ᠂ ᠦᠪᠦᠷ ᠮᠤᠨᠭᠭᠤᠯ ᠤᠨ ᠶᠡᠬᠡ ᠰᠤᠷᠭᠠᠭᠤᠯᠢ ᠵᠢ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠷ ᠳᠡᠰ ᠤᠨ ᠲᠤᠰᠬᠠᠢᠢᠵᠢᠬᠰᠠᠨ ᠴᠢᠳᠠᠪᠤᠷᠢᠲᠠᠨ ᠬᠦᠮᠦᠵᠢᠭᠦᠯᠬᠦ ᠰᠠᠭᠤᠷᠢᠨ ᠪᠤᠯᠭᠠᠨ ᠪᠦᠲᠦᠭᠡᠨ ᠪᠠᠢᠢᠭᠤᠯᠵᠠᠢ᠃ ᠲᠡᠢᠢᠨᠬᠦ ᠦᠪᠦᠷ ᠮᠤᠨᠭᠭᠤᠯ ᠤᠨ ᠶᠡᠬᠡ ᠰᠤᠷᠭᠠᠭᠤᠯᠢ ᠨᠢ᠂ 2004 ᠤᠨ ᠤ ᠤᠯᠤᠰ ᠤᠨ ᠶᠡᠬᠡ ᠳᠡᠭᠡᠳᠤ ᠰᠤᠷᠭᠠᠭᠤᠯᠢ ᠶᠢᠨ ᠦᠨᠳᠦᠰᠦᠨ ᠠᠩᠬᠢ ᠶᠢᠨ ᠬᠢᠷᠢ ᠲᠦᠪᠰᠢᠨ ᠤ ᠰᠢᠯᠭᠠᠯᠲᠠ ᠳᠤ ᠰᠢᠯᠢᠳᠡᠭ᠌ ᠢᠶᠡᠷ ᠦᠨᠡᠯᠡᠭ᠍ᠳᠡᠭᠰᠡᠨ ᠪᠠᠢᠢᠨ ᠠ᠃

   ᠲᠡᠷᠡᠪᠡᠷ ᠪᠠᠰᠠ ᠪᠤᠰᠤᠳ ᠤᠯᠤᠰ ᠤᠷᠤᠨ ᠲᠠᠢ ᠡᠷᠳᠡᠮ ᠰᠢᠨᠵᠢᠯᠡᠭᠡᠨ ᠤ ᠰᠤᠯᠢᠯᠴᠠᠭ᠎ᠠ ᠪᠠ ᠬᠠᠮᠲᠤᠷᠠᠯᠴᠠᠭ᠎ᠠ ᠪᠠᠨ ᠠᠬᠢᠭᠤᠯᠵᠦ᠂ ᠤᠯᠤᠰ ᠤᠨ ᠲᠤᠳᠤᠭᠠᠳᠤ ᠳ᠋ᠬᠢ ᠪᠤᠰᠤᠳ ᠮᠤᠵᠢ ᠤᠷᠤᠨ ᠤ ᠰᠤᠷᠭᠠᠭᠤᠯᠢ ᠲᠠᠢ ᠬᠠᠮᠵᠢᠯᠴᠠᠬᠤ ᠵᠢ ᠦᠷᠭᠡᠳᠬᠡᠭ᠍ᠰᠡᠨ ᠪᠠ ᠪᠠᠰᠠ 《ᠤᠯᠠᠨ ᠤᠯᠤᠰ ᠤᠨ ᠰᠤᠷᠭᠠᠨ ᠬᠦᠮᠦᠵᠢᠯ ᠤᠨ ᠳᠡᠭᠡᠳᠤ ᠰᠤᠷᠭᠠᠭᠤᠯᠢ》 ᠵᠢ ᠡᠭᠦᠰᠭᠡᠨ ᠪᠠᠢᠢᠭᠤᠯᠵᠦ᠂ ᠠᠮᠸᠷᠢᠺᠠ᠂ ᠺᠤᠷᠢᠶᠠ᠂ ᠶᠠᠫᠤᠨ᠂ ᠮᠤᠨᠭᠭᠤᠯ᠂ ᠤᠷᠤᠰ ᠵᠡᠷᠭᠡ ᠬᠤᠷᠢᠭᠠᠳ ᠤᠯᠤᠰ ᠤᠨ ᠰᠤᠷᠤᠬᠴᠢ ᠵᠢ1146 ᠬᠦᠮᠦᠨ ᠤᠳᠠᠭ᠎ᠠ ᠡᠯᠰᠡᠵᠦ᠂ ᠰᠤᠷᠭᠠᠨ ᠬᠦᠮᠦᠵᠢᠯ ᠤᠨ ᠴᠢᠨᠰᠠᠭ᠎ᠠ ᠨᠢ ᠬᠠᠷᠢ ᠬᠦᠷᠦᠨ ᠤ ᠰᠠᠢᠢᠨ ᠦᠨᠡᠯᠡᠯᠲᠡ ᠵᠢ ᠴᠤ ᠤᠯᠠᠨᠲᠠ ᠬᠦᠷᠲᠡᠵᠦ ᠪᠠᠢᠢᠵᠦ ᠪᠢᠯᠡ᠃

    ᠲᠡᠷᠡᠪᠡᠷ ᠪᠠᠰᠠ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠢᠢᠭᠤᠯᠤᠯᠲᠠ᠂ ᠪᠠᠬᠰᠢᠨᠠᠷ ᠤᠨ ᠡᠭᠨᠡᠭᠡ ᠵᠢ ᠦᠷᠭᠡᠳᠬᠡᠬᠦ ᠪᠠ ᠰᠢᠯᠢᠳᠡᠭᠵᠢᠭᠦᠯᠬᠦ ᠵᠡᠷᠭᠡ ᠤᠯᠠᠨ ᠲᠠᠯ᠎ᠠ ᠳᠤ ᠠᠵᠢᠯᠯᠠᠵᠦ᠂ ᠦᠪᠦᠷ ᠮᠤᠨᠭᠭᠤᠯ ᠤᠨ ᠶᠡᠬᠡ ᠰᠤᠷᠭᠠᠭᠤᠯᠢ ᠵᠢ ᠤᠯᠤᠰ ᠦᠨᠳᠦᠰᠦᠲᠡᠨ᠂ ᠨᠡᠢᠢᠭᠡᠮ ᠤᠨ ᠬᠡᠷᠡᠭᠴᠡᠭᠡᠨ ᠳᠤ ᠲᠤᠬᠢᠷᠠᠬᠰᠠᠨ ᠵᠢᠩᠬᠢᠨᠢ ᠴᠢᠳᠠᠪᠤᠷᠢᠲᠠᠨ ᠤ ᠦᠯᠦᠭᠡᠢ ᠪᠤᠯᠠᠭᠠᠨ ᠴᠤᠬᠴᠠᠯᠠᠬᠰᠠᠨ ᠶᠤᠮ᠃

   2006 ᠤᠨ ᠤ 10 ᠰᠠᠷ᠎ᠠ ᠳᠤ᠂ ᠰᠢᠭᠤᠷᠭᠠᠨ ᠪᠠᠬᠰᠢ ᠮᠠᠨᠢ ᠳᠤᠮᠳᠠᠳᠤ ᠤᠯᠤᠰ ᠤᠨ ᠢᠨᠵᠸᠨ᠋ᠸᠷᠢᠩ ᠤᠨ ᠬᠦᠷᠢᠶᠡᠯᠡᠩ ᠤᠨ ᠳᠡᠳ᠋ ᠳᠠᠷᠤᠭ᠎ᠠ ᠪᠡᠷ ᠲᠤᠮᠢᠯᠠᠬᠳᠠᠵᠦ᠂ ᠠᠺᠠᠳ᠋ᠸᠮᠢᠴᠢ ᠵᠢ ᠰᠢᠯᠢᠨ ᠰᠤᠨᠭᠭᠤᠬᠤ ᠠᠵᠢᠯ ᠢ ᠬᠠᠷᠢᠭᠤᠴᠵᠠᠢ᠃ ᠲᠡᠷᠡ ᠡᠨᠡᠬᠦ ᠠᠵᠢᠯ ᠢᠶᠡᠨ ᠲᠤᠩ ᠨᠠᠨᠳᠢᠩᠨᠠᠵᠦ᠂ ᠤᠯᠤᠰ ᠤᠷᠤᠨ  ᠤ ᠢᠳᠡᠭᠡᠯ ᠨᠠᠢᠢᠳᠠᠯᠭ᠎ᠠ ᠵᠢ ᠬᠦᠰᠡᠷᠳᠡᠭᠦᠯᠦᠯ ᠦᠭᠡᠢ ᠪᠡᠶ᠎ᠡ ᠪᠠᠨ ᠴᠢᠨᠭᠭ᠎ᠠ ᠱᠠᠭᠠᠷᠳᠠᠨ ᠬᠤᠪᠢᠳᠠᠬᠰᠠᠨ ᠠᠵᠢᠯ ᠢᠶᠡᠨ ᠭᠠᠷᠮᠠᠭᠠᠢ ᠪᠡᠶᠡᠯᠡᠬᠦᠯᠵᠦ ᠶᠠᠪᠤᠬᠰᠠᠨ ᠶᠤᠮ᠃ ᠡᠨᠡ ᠬᠤᠭᠤᠴᠠᠭᠠᠨ ᠳᠤ᠂ ᠲᠡᠷᠡ ᠦᠪᠦᠷ ᠮᠤᠨᠭᠭᠤᠯ ᠤᠨ ᠶᠡᠬᠡ ᠰᠤᠷᠠᠭᠭᠤᠯᠢ ᠳ᠋ᠡᠬᠢ ᠰᠤᠳᠤᠯᠭᠠᠨ ᠤ ᠠᠵᠢᠯ ᠢᠶᠡᠨ ᠤᠬᠲᠤᠬᠠᠨ ᠴᠤ ᠬᠠᠶᠠᠬᠰᠠᠨ ᠦᠭᠡᠢ᠂ ᠫᠷᠷᠤᠹᠸᠰᠰᠤᠷ ᠤᠨ ᠠᠵᠢᠯ ᠢᠶᠡᠨ ᠦᠷᠭᠦᠯᠵᠢᠯᠡᠭᠦᠯᠵᠦ᠂ ᠰᠤᠳᠤᠯᠭᠠᠨ ᠤ ᠰᠠᠭᠤᠷᠢᠨ ᠳᠠᠭᠠᠨ ᠮᠦᠨ ᠰᠢᠷᠭᠠᠭᠤ ᠰᠤᠳᠤᠯᠤᠯᠲᠠ ᠬᠢᠵᠦ᠂ ᠡᠭᠦᠨ ᠤ ᠳᠠᠭᠠᠤ ᠪᠠᠰᠠ ᠡᠳᠦᠢ ᠲᠡᠳᠦᠢ ᠠᠰᠫᠢᠷᠠᠨᠲ ᠬᠦᠮᠦᠵᠢᠭᠦᠯᠤᠭ᠍ᠰᠡᠨ ᠪᠠᠢᠢᠯ᠎ᠠ᠃ ᠬᠡᠳᠦᠢᠢᠪᠡᠷ ᠪᠡᠭᠡᠵᠢᠩ ᠳᠤ ᠠᠵᠢᠯ ᠠᠯᠪᠠ ᠲᠠᠢ ᠭᠡᠳᠡᠭ᠌ ᠴᠤ᠂ ᠲᠡᠷᠡ ᠰᠠᠷ᠎ᠠ ᠳᠤ ᠨᠢᠭᠡ ᠡᠴᠡ ᠬᠤᠶᠠᠷ ᠤᠳᠠᠭ᠎ᠠ ᠰᠤᠷᠭᠠᠭᠤᠯᠢ ᠳᠠᠭᠠᠨ ᠪᠤᠴᠠᠵᠦ ᠪᠠᠢᠢᠬᠰᠠᠨ ᠶᠤᠮ᠃ ᠲᠡᠷᠡ ᠦᠪᠡᠷ ᠤᠨ ᠨᠢᠭᠡ ᠨᠠᠰᠤ ᠪᠠᠨ ᠰᠢᠨᠵᠢᠯᠡᠬᠦ ᠤᠬᠠᠭᠠᠨ᠂ ᠰᠢᠨᠵᠢᠯᠡᠭᠡ ᠮᠡᠷᠭᠡᠵᠢᠯ᠂ ᠰᠤᠷᠭᠠᠨ ᠬᠦᠮᠦᠵᠢᠯ ᠤᠨ ᠦᠢᠯᠡᠰ ᠲᠤ ᠵᠤᠷᠢᠭᠤᠯᠵᠦ᠂ ᠦᠪᠡᠷ ᠤᠨ ᠬᠦᠴᠦ ᠲᠠᠮᠢᠷ᠂ ᠤᠶᠤᠨ ᠤᠬᠠᠭᠠᠨ  ᠢᠶᠡᠷ ᠢᠶᠡᠨ ᠳᠡᠯᠡᠬᠡᠢ ᠶᠢᠨ ᠬᠦᠮᠦᠰ ᠲᠤ ᠬᠦᠨᠳᠦᠳᠬᠡᠭ᠍ᠳᠡᠵᠦ᠂ ᠦᠨᠳᠦᠰᠦᠲᠡᠨ ᠤᠯᠤᠰ ᠤᠷᠤᠨ ᠤ ᠪᠠᠨ ᠪᠠᠬᠠᠷᠬᠠᠯ ᠪᠤᠯᠵᠦ ᠶᠠᠪᠤᠬᠰᠠᠨ ᠶᠤᠮ᠃ ᠲᠡᠷᠡ ᠠᠵᠢᠯᠯᠠᠵᠦ ᠰᠤᠳᠤᠯᠵᠦ ᠶᠠᠪᠤᠬᠤ ᠳ᠋ᠠᠭᠠᠨ ᠤᠷᠤᠨ ᠨᠤᠲᠤᠬ᠂ ᠤᠯᠤᠰ ᠳᠠᠶᠠᠭᠠᠷ ᠤᠨ ᠲᠤᠭ᠎ᠠ ᠲᠤᠮᠰᠢ ᠦᠭᠡᠢ ᠱᠠᠨᠭᠨᠠᠯ ᠬᠦᠬᠢᠭᠦᠯᠡᠯ ᠢ ᠬᠦᠷᠲᠡᠵᠦ᠂ ᠡᠩᠭᠡᠷ ᠢᠶᠡᠨ ᠮᠢᠯᠢᠶᠠᠯᠭᠠᠵᠦ ᠶᠠᠪᠤᠵᠦ ᠪᠢᠯᠡ᠃ ᠲᠡᠭᠦᠨ ᠤ ᠬᠦᠳᠡᠯᠮᠤᠷᠢᠴᠢ ᠠᠭᠠᠯᠢ᠂ ᠰᠡᠷᠭᠦᠯᠡᠩ ᠤᠬᠠᠭᠠᠨ᠂ ᠰᠤᠳᠤᠯᠭᠠᠨ ᠤ ᠵᠤᠷᠢᠬ ᠰᠠᠨᠠᠭ᠎ᠠ᠂ ᠠᠤᠭ᠎ᠠ ᠵᠤᠷᠢᠬ ᠨᠢ ᠬᠤᠵᠢᠮ ᠤᠨ ᠬᠦᠮᠦᠰ ᠤᠨ ᠰᠤᠷᠴᠤ ᠰᠤᠳᠤᠯᠬᠤ ᠦᠨ᠎ᠡ ᠴᠠᠨ᠎ᠠ ᠲᠠᠢ ᠡᠷᠬᠢᠮ ᠨᠠᠨᠳᠢᠨ ᠵᠦᠢᠯᠡᠰ ᠪᠤᠯᠬᠤ ᠶᠤᠮ᠃(ᠳᠡᠭᠡᠷᠡᠬᠢ ᠵᠢᠷᠤᠬ ᠤᠳ ᠢ ᠢᠨᠲ᠋ᠸᠷᠨ᠋ᠸᠲ ᠡᠴᠡ)

    ᠱᠠᠩᠨᠠᠯ ᠬᠦᠬᠢᠭᠦᠯᠦᠯ ᠨᠤᠭᠦᠳ

    1984 ᠤᠨ ᠤ 11 ᠰᠠᠷ᠎ᠠ ᠳᠤ᠂ ᠤᠯᠤᠰ ᠲᠤ ᠭᠠᠷᠮᠠᠭᠠᠢ ᠵᠢᠳᠬᠦᠯ ᠦᠵᠡᠭᠦᠯᠦᠭ᠍ᠰᠡᠨ ᠵᠠᠯᠠᠭᠤ ᠮᠡᠷᠭᠡᠵᠢᠯᠲᠡᠨ ᠢᠶᠡᠨ ᠦᠨᠡᠯᠡᠭ᠍ᠳᠡᠪᠡ᠃
    1985ᠤᠨ ᠤ 5 ᠰᠠᠷ᠎ᠠ ᠳᠤ᠂ ᠤᠯᠤᠰ ᠤᠨ 《5.1》 ᠤ ᠬᠦᠳᠡᠯᠮᠦᠷᠢ ᠶᠢᠨ ᠱᠠᠨᠭᠨᠠᠯ ᠢᠶᠡᠷ ᠬᠦᠬᠢᠭᠦᠯᠦᠭᠳᠡᠪᠡ᠃
    1991 ᠤᠨ ᠤ 1 ᠰᠠᠷ᠎ᠠ ᠳᠤ᠂ ᠤᠯᠤᠰ ᠲᠤ ᠭᠠᠷᠮᠠᠭᠠᠢ ᠵᠢᠳᠬᠦᠯ ᠦᠵᠡᠭᠦᠯᠦᠭ᠍ᠰᠡᠨ ᠵᠠᠯᠠᠭᠤ ᠮᠡᠷᠭᠡᠵᠢᠯᠲᠡᠨ ᠢᠶᠡᠷ ᠳᠠᠬᠢᠨᠲᠠ ᠦᠨᠡᠯᠡᠭ᠍ᠳᠡᠪᠡ᠃
    1991 ᠤᠨ ᠤ 7 ᠰᠠᠷ᠎ᠠ ᠡᠴᠡ ᠂ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠬ ᠤᠨ ᠤᠷᠳᠤᠨ ᠤ ᠤᠨᠴᠠᠭᠠᠢ ᠨᠦᠬᠦᠪᠦᠷᠢ ᠵᠢ ᠬᠦᠷᠳᠡᠪᠡ᠃
    1992 ᠤᠨ ᠤ 12 ᠰᠠᠷ᠎ ᠠ ᠳᠤ᠂ ARTAᠤᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠤᠨ ᠰᠢᠯᠢᠳᠡᠭ᠌ ᠦᠭᠦᠯᠡᠯ ᠤᠨ ᠱᠠᠨᠭᠨᠠᠯ ᠢᠶᠡᠷ ᠬᠦᠬᠢᠭᠦᠯᠦᠭᠳᠡᠪᠡ᠃
    1993 ᠤᠨ ᠤ 3 ᠰᠠᠷ᠎ᠠ ᠳᠤ᠂ ᠤᠯᠤᠰ ᠤᠨ《863》ᠳᠡᠭᠡᠳᠤ ᠰᠢᠨ᠎ᠡ ᠮᠡᠷᠭᠡᠵᠢᠯ ᠤᠨ ᠳᠠᠪᠰᠢᠯᠲᠠ ᠶᠢᠨ ᠱᠠᠨᠭᠨᠠᠯ ᠢᠶᠡᠷ ᠮᠢᠯᠢᠶᠠᠯᠭᠠᠪᠠ᠃
    1994 ᠤᠨ ᠤ 9 ᠰᠠᠷ᠎ᠠ ᠳᠤ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ᠌ ᠰᠤᠷᠭᠠᠭᠤᠯᠢ ᠶᠢᠨ ᠵᠠᠬᠢᠷᠤᠯ ᠢᠶᠡᠷ ᠦᠨᠡᠯᠡᠭ᠍ᠳᠡᠪᠡ᠃
    1995 ᠤᠨ ᠤ 4 ᠰᠠᠷ᠎ᠠ ᠳᠤ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠳᠠᠪᠰᠢᠬᠰᠠᠨ ᠠᠵᠢᠯᠲᠠᠨ᠂ ᠤᠯᠤᠰ ᠤᠨ ᠳᠠᠪᠰᠢᠬᠰᠠᠨ ᠠᠵᠢᠯᠲᠠᠨ ᠢᠶᠡᠷ ᠦᠨᠡᠯᠡᠭ᠍ᠳᠡᠵᠦ᠂ ᠤᠯᠤᠰ ᠤᠨ ᠬᠦᠳᠡᠯᠮᠤᠷᠢᠴᠢᠳ ᠤᠨ ᠵᠢᠱᠢᠶᠡᠴᠢ ᠶᠢᠨ ᠬᠤᠷᠠᠯ ᠳᠤ ᠤᠷᠤᠯᠴᠠᠵᠠᠢ᠃
    1996 ᠤᠨ ᠤ 10 ᠰᠠᠷ᠎ᠠ ᠳᠤ᠂ ᠰᠢᠶᠠᠨᠭᠭᠠᠩ ᠤᠨ ᠡᠾᠸᠯᠢᠶᠠᠩ ᠡᠾᠸᠯᠢ ᠰᠠᠭᠤᠷᠢ ᠮᠦᠩᠭᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠨᠭᠨᠠᠯ ᠢ ᠬᠦᠷᠲᠡᠪᠡ᠃
    1997 ᠤᠨ ᠤ 10 ᠰᠠᠷ᠎ᠠ ᠳᠤ᠂ ᠶᠠᠫᠤᠨ ᠤ ᠰᠤᠤᠺᠠ ᠶᠡᠬᠡ ᠰᠤᠷᠭᠠᠭᠤᠯᠢ ᠶᠢᠨ ᠬᠠᠮᠤᠬ ᠤᠨ ᠳᠡᠭᠡᠳᠤ ᠢᠷᠡᠭᠤ ᠠᠯᠳᠠᠷ ᠤᠨ ᠱᠠᠨᠭᠨᠠᠯ ᠢᠶᠡᠷ ᠬᠦᠬᠢᠭᠦᠯᠦᠭᠳᠡᠪᠡ᠃
    2000 ᠤᠨ ᠤ 3 ᠰᠠᠷ᠎ᠠ ᠳᠤ᠂ ᠰᠢᠨᠵᠢᠯᠡᠬᠦ ᠤᠬᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠨᠭᠨᠠᠯ ᠢ ᠬᠦᠷᠲᠡᠪᠡ᠃
    2001 ᠤᠨ ᠤ 10 ᠰᠠᠷ᠎ᠠ ᠳᠤ᠂ ᠠᠮᠸᠷᠢᠺᠠ ᠶᠢᠨ ᠳ᠋ᠦ᠋ ᠪᠠᠩ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠢ ᠡᠭᠦᠳᠬᠦ ᠱᠠᠨᠭᠨᠠᠯ ᠢ ᠬᠦᠷᠲᠡᠪᠡ᠃
    2002 ᠤᠨ ᠤ 7 ᠰᠠᠷ᠎ᠠ ᠳᠤ᠂ ᠤᠯᠤᠰ ᠤᠨ ᠰᠢᠯᠭᠠᠷᠠᠬᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢᠶᠡᠷ ᠦᠨᠡᠯᠡᠭ᠍ᠳᠡᠪᠡ᠃
    2006 ᠤᠨ ᠤ 12 ᠰᠠᠷ᠎ᠠ ᠳᠤ᠂ ᠦᠪᠦᠷ ᠮᠤᠨᠭᠭᠤᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠡᠷ ᠤᠷᠤᠨ ᠢᠶᠡᠨ ᠬᠦᠴᠢᠷᠭᠡᠭ᠍ᠵᠢᠭᠦᠯᠬᠦ ᠤᠨᠴᠠᠭᠠᠢ ᠱᠠᠨᠭᠨᠠᠯ ᠢ ᠬᠦᠷᠲᠡᠵᠦ᠂ ᠮᠦᠨ ᠤᠯᠠᠭᠠᠨᠬᠦᠦ ᠰᠠᠭᠤᠷᠢ ᠮᠦᠩᠭᠦᠨ ᠤ ᠱᠠᠨᠭᠨᠠᠯ ᠢᠶᠡᠷ ᠳᠠᠬᠢᠨᠲᠠ ᠮᠢᠯᠢᠶᠡᠯᠭᠠᠵᠠᠢ᠃

ᠢᠷᠡᠯᠳᠡ᠄ ᠰᠢᠨᠬᠤᠸᠠ ᠮᠤᠨᠭᠭᠤᠯ ᠨᠸᠲ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001117622194