蒙古文网站Logo
ᠰᠢᠨᠬᠤᠸᠠ ᠮᠤᠩᠭ᠋ᠤᠯ ᠨᠧᠲ

ᠾᠧ ᠫᠢᠩ ᠤᠨ ᠵᠢᠷᠤᠭᠯᠠᠭᠠᠴᠢ ᠪᠤᠯᠤᠭᠰᠠᠨ ᠤᠷᠠᠯᠢᠭ ᠤᠨ ᠮᠦᠷ

2016-03-17 10:21

    

    ᠾᠧ ᠫᠢᠩ᠂ ᠮᠤᠩᠭ᠋ᠤᠯ ᠦᠨᠳᠦᠰᠦᠲᠡᠨ᠂ 1959 ᠤᠨ ᠳᠤ ᠦᠪᠦᠷ ᠮᠤᠩᠭ᠋ᠤᠯ ᠤᠨ ᠰᠢᠯᠢ ᠶᠢᠨ ᠭᠤᠤᠯ ᠠᠶᠢᠮᠠᠭ ᠤᠨ ᠦᠵᠦᠮᠦᠴᠢᠨ ᠤ ᠳᠠᠯ᠎ᠠ ᠨᠤᠳᠤᠭ ᠲᠤ ᠰᠢᠯᠢ ᠶᠢᠨ ᠭᠤᠤᠯ ᠤᠨ ᠬᠦᠪᠡᠬᠡᠨ᠎ᠡ ᠮᠡᠨᠳᠤᠯᠡᠵᠡᠢ᠃ 1976 ᠤᠨ  ᠡᠴᠡ ᠴᠡᠷᠢᠭ ᠤᠨ ᠠᠯᠪᠠ ᠬᠠᠰᠢᠵᠤ᠂ 1982 ᠤᠨ  ᠳᠤ ᠵᠢᠷᠤᠭᠯᠠᠬᠤ ᠤᠷᠠᠯᠢᠭ ᠤᠨ ᠪᠤᠱᠤᠭ᠎ᠠ ᠶᠢ ᠠᠯᠬᠤᠭᠰᠠᠨ ᠪᠠᠶᠢᠨ᠎ᠠ᠃ 1990 ᠤᠨ ᠳᠤ ᠤᠯᠤᠰ ᠤᠨ ᠲᠡᠭᠡᠳᠤ ᠵᠷᠬᠡ ᠶᠢᠨ ᠵᠢᠷᠤᠭᠯᠠᠬᠤ ᠮᠡᠷᠭᠡᠵᠢᠯ ᠤᠨ ᠲᠤᠰᠬᠠᠢ ᠪᠤᠯᠪᠠᠰᠤᠷᠠᠯ ᠤᠨ ᠠᠩᠬᠢ ᠳᠤ ᠰᠤᠷᠤᠯᠴᠠᠨ ᠮᠡᠷᠭᠡᠵᠢᠯ ᠳᠡᠭᠡᠭ᠍ᠰᠢᠯᠡᠭᠦᠯᠵᠦ᠂ ᠤᠳᠤ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠦᠷ ᠮᠤᠩᠭ᠋ᠤᠯ ᠤᠨ ᠰᠢᠯᠢ ᠶᠢᠨ ᠭᠤᠤᠯ ᠬᠤᠪᠢᠶᠠᠷᠢ ᠪᠠᠩᠬᠢ ᠳᠤ ᠠᠵᠢᠯᠯᠠᠵᠤ ᠪᠠᠶᠢᠨ᠎ᠠ᠃ ᠲᠤᠮᠳᠠᠳᠤ ᠤᠯᠤᠰ ᠤᠨ ᠬᠡᠷᠡᠯ ᠵᠢᠷᠤᠭ ᠤᠨ ᠨᠡᠶᠢᠬᠡᠮᠯᠢᠭ᠌ ᠤᠨ ᠬᠡᠰᠢᠬᠦᠨ᠂ ᠲᠤᠮᠳᠠᠳᠤ ᠤᠯᠤᠰ ᠤᠨ ᠮᠦᠩᠬᠦᠨ ᠬᠦᠢᠯᠬᠡᠬᠡᠨ ᠤ ᠬᠡᠷᠡᠯ ᠵᠢᠷᠤᠭ ᠤᠨ ᠨᠡᠶᠢᠬᠡᠮᠯᠢᠭ᠌ ᠤᠨ ᠬᠡᠷᠡᠭ ᠡᠷᠬᠢᠯᠡᠭᠴᠢ᠂ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠡᠷᠡᠯ ᠵᠢᠷᠤᠭ ᠤᠨ ᠨᠡᠶᠢᠭᠡᠮᠯᠢᠭ᠌ ᠤᠨ ᠲᠡᠳ᠋ ᠲᠡᠷᠢᠬᠦᠯᠡᠭᠴᠢ᠂ ᠦᠪᠦᠷ ᠮᠤᠩᠭ᠋ᠤᠯ ᠤᠨ ᠬᠡᠷᠡᠯ ᠵᠢᠷᠤᠭ ᠤᠨ ᠨᠡᠶᠢᠬᠡᠮᠯᠢᠭ᠌ ᠤᠨ ᠲᠡᠳ᠋ ᠲᠡᠷᠢᠬᠦᠯᠡᠭᠴᠢ᠂ ᠦᠪᠦᠷ ᠮᠤᠩᠭ᠋ᠤᠯ ᠤᠨ ᠬᠦᠷᠦᠭ  ᠵᠢᠷᠤᠭ ᠤᠨ ᠨᠡᠶᠢᠬᠡᠮᠯᠢᠭ᠌ ᠤᠨ ᠬᠡᠷᠡᠭ ᠡᠷᠬᠢᠯᠡᠭᠴᠢ᠂ ᠦᠪᠦᠷ ᠮᠤᠩᠭ᠋ᠤᠯ ᠤᠨ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠵᠤᠴᠢᠨ ᠫᠷᠤᠹᠧᠰᠰᠤᠷ᠂ ᠦᠪᠦᠷ ᠮᠤᠩᠭ᠋ᠤᠯ ᠤᠨ ᠰᠢᠯᠢ ᠶᠢᠨ ᠭᠤᠤᠯ ᠠᠶᠢᠮᠠᠭ ᠤᠨ ᠬᠡᠷᠡᠯ ᠵᠢᠷᠤᠭ ᠤᠨ ᠨᠡᠶᠢᠬᠡᠮᠯᠢᠭ᠌ ᠤᠨ ᠲᠡᠷᠢᠬᠦᠯᠡᠭᠴᠢ᠃

    1987 ᠤᠨ ᠳᠤ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠬᠤᠪᠢᠶᠠᠷᠢ ᠪᠠᠩᠬᠢ ᠶᠢᠨ ᠤᠬᠠᠭᠤᠯᠬᠤ ᠬᠡᠯᠳᠡᠰ ᠤᠨ ᠨᠠᠶᠢᠷᠠᠭᠤᠯᠤᠭᠴᠢ᠂ ᠲᠤᠰᠬᠠᠢ ᠭᠡᠷᠡᠯ ᠵᠢᠷᠤᠭᠴᠢᠨ ᠢᠶᠡᠷ ᠠᠵᠢᠯᠯᠠᠵᠤ᠂ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ 12 ᠠᠶᠢᠮᠠᠭ ᠬᠤᠳᠠ ᠳᠤ ᠤᠯᠠ ᠮᠦᠷ ᠢᠶᠡᠨ ᠦᠯᠡᠳᠡᠭᠡᠵᠡᠢ᠃ ᠰᠤᠨᠢᠨ ᠰᠡᠳᠬᠦᠯ᠂ ᠵᠢᠷᠤᠭ ᠤᠨ ᠲᠤᠪᠬᠢᠮᠠᠯ᠂ ᠡᠳᠤᠷ ᠦᠵᠡᠯᠬᠡ ᠵᠡᠷᠬᠡ 80 ᠭᠠᠷᠤᠢ ᠲᠡᠪᠳᠡᠷ (ᠲᠤᠪᠬᠢᠮᠠᠯ) ᠢ ᠲᠦᠰᠦᠪᠯᠡᠵᠤ ᠬᠡᠪᠯᠡᠨ ᠲᠠᠷᠬᠠᠭᠠᠵᠠᠢ᠃ ᠮᠢᠩᠭ᠋᠎ᠠ ᠰᠢᠬᠠᠮ ᠪᠦᠲᠦᠬᠡᠯ ᠨᠢ ᠤᠯᠤᠰ ᠤᠨ ᠲᠤᠳᠤᠭᠠᠳᠤ ᠭᠠᠳᠠᠭᠠᠳᠤ ᠶᠢᠨ ᠰᠤᠨᠢᠨ ᠰᠡᠳᠬᠦᠯ᠂ ᠨᠧᠲ ᠲᠡᠭᠡᠷ᠎ᠡ ᠨᠡᠶᠢᠳᠡᠯᠡᠭᠳᠡᠭᠰᠡᠨ ᠪᠠᠶᠢᠨ᠎ᠠ᠃

    2000 ᠤᠨ ᠤ 10 ᠰᠠᠷ᠎ᠠ ᠳᠤ ᠲᠡᠷᠡ ᠭᠠᠭᠴᠠᠭᠠᠷ ᠢᠶᠡᠨ ᠮᠤᠲ᠋ᠤᠷ ᠤᠨᠤᠵᠤ ᠦᠪᠦᠷ ᠮᠤᠩᠭ᠋ᠤᠯ ᠤᠨ ᠪᠠᠳᠠᠢ ᠶᠢᠨ ᠵᠢᠷᠠᠨ ᠤ ᠶᠡᠬᠡ ᠡᠯᠡᠰᠦ ᠶᠢ ᠲᠤᠭᠤᠯᠤᠨ᠂ ᠠᠯᠠᠱᠠ ᠠᠭᠤᠯᠠ᠂ ᠴᠢ ᠯᠢᠶᠠᠨ ᠱᠠᠨ ᠠᠭᠤᠯᠠ ᠶᠢ ᠳᠠᠪᠠᠵᠤ᠂ ᠬᠦᠬᠡᠨᠠᠭᠤᠷ ᠲᠦᠪᠡᠳ ᠤᠨ ᠦᠨᠳᠤᠷᠯᠢᠭ᠌᠌ ᠵᠡᠷᠭᠡ ᠭᠠᠵᠠᠷ ᠢᠶᠡᠷ 22 ᠡᠳᠤᠷ ᠠᠶᠠᠯᠠᠨ᠂ ᠡᠬᠡ ᠤᠷᠤᠨ ᠤ ᠪᠠᠷᠠᠭᠤᠨ ᠪᠦᠰᠡ ᠨᠤᠳᠤᠭ ᠤᠨ ᠪᠠᠶᠢᠭᠠᠯᠢ ᠤᠷᠴᠢᠨ᠂ ᠠᠮᠢᠳᠠᠨ ᠤᠷᠭᠤᠮᠠᠯ ᠢ ᠵᠢᠷᠤᠭᠯᠠᠬᠰᠠᠨ ᠤᠯᠠᠨ ᠰᠠᠶᠢᠬᠠᠨ ᠪᠦᠲᠦᠬᠡᠯ ᠬᠢᠭ᠍ᠰᠡᠨ ᠪᠠᠶᠢᠨ᠎ᠠ᠃ ᠍

    2001 ᠤᠨ ᠤ 12 ᠰᠠᠷ᠎ᠠ ᠳᠤ᠂ 200 ᠬᠡᠷᠡᠯ ᠵᠢᠷᠤᠭ ᠤᠨ ᠪᠦᠳᠦᠬᠡᠯ ᠲᠠᠢ《ᠤᠮᠠᠷᠠᠳᠤ ᠶᠢᠨ ᠦᠵᠡᠮᠵᠢ》ᠬᠡᠮᠡᠬᠦ ᠪᠡᠶ᠎ᠡ ᠲᠠᠭᠠᠭᠠᠭᠰᠠᠨ ᠤᠷᠠᠨ ᠪᠦᠲᠦᠭᠡᠯ  ᠤᠨ ᠦᠵᠡᠰᠬᠦᠯᠡᠩ ᠢᠶᠡᠨ ᠨᠡᠬᠡᠬᠡᠵᠤ ᠦᠩᠬᠡᠷᠡᠵᠡᠢ᠃ ᠍

    2003 ᠤᠨ ᠳᠤ《ᠮᠢᠨᠤ ᠬᠠᠶᠢᠷᠠᠲᠠᠢ ᠰᠢᠯᠢ ᠶᠢᠨ ᠭᠤᠤᠯ 》ᠬᠡᠮᠡᠬᠦ ᠪᠡᠶ᠎ᠡ ᠲᠠᠭᠠᠭᠠᠭᠰᠠᠨ ᠠᠩᠬᠠᠨ ᠤ ᠵᠢᠷᠤᠭᠳᠤ ᠲᠡᠪᠲᠡᠷ ᠢᠶᠡᠨ ᠬᠡᠪᠯᠡᠭᠦᠯᠵᠡᠢ᠃

    2008 ᠤᠨ ᠳᠤ ᠬᠤᠶᠠᠳᠤᠭᠠᠷ ᠵᠢᠷᠤᠭᠳᠤ ᠲᠡᠪᠲᠡᠷ《ᠲᠠᠯ᠎ᠠ ᠨᠤᠳᠤᠭ ᠤᠨ ᠵᠢᠪᠬᠤᠭ᠎ᠠ》 ᠪᠠᠨ ᠬᠡᠪᠯᠡᠭᠦᠯᠪᠠ᠃

   1998 ᠤᠨ ᠡᠴᠡ ᠳᠡᠷᠡᠪᠡᠷ ᠳᠡᠯᠡᠬᠡᠢ ᠶᠢᠨ ᠬᠡᠮᠵᠢᠶᠡᠨ ᠤ᠂ ᠤᠯᠤᠰ ᠲᠠᠶᠠᠭᠠᠷ ᠤᠨ ᠪᠤᠯᠤᠨ ᠤᠷᠤᠨ ᠲᠠᠶᠠᠭᠠᠷ ᠤᠨ ᠤᠷᠤᠯᠳᠤᠭᠠᠨ ᠳᠡᠮᠡᠴᠡᠬᠡᠨ ᠵᠢᠴᠢ ᠤᠷᠠᠨ ᠪᠦᠲᠦᠬᠡᠯ ᠤᠨ ᠦᠵᠡᠰᠬᠦᠯᠡᠩ ᠳᠤ ᠤᠷᠤᠯᠴᠠᠵᠤ ᠡᠬᠢᠯᠡᠵᠡᠢ᠃ ᠲᠡᠬᠦᠨ ᠤ ᠤᠯᠠᠩᠬᠢ ᠵᠢᠷᠤᠭ ᠨᠢ ᠤᠯᠤᠰ᠂ ᠤᠷᠤᠨ ᠤ ᠨᠢᠬᠡ᠂ ᠬᠤᠶᠠᠷ᠂ ᠭᠤᠷᠪᠡᠳᠤᠭᠠᠷ ᠲᠡᠰ ᠤᠨ ᠱᠠᠩᠨᠠᠯ ᠬᠦᠷᠲᠡᠵᠤ᠂ ᠳᠡᠯᠡᠬᠡᠢ ᠶᠢᠨ ᠱᠠᠩᠨᠠᠯᠳᠤ ᠤᠷᠤᠯᠳᠤᠭᠠᠨ ᠳᠤ ᠤᠯᠠᠨᠳᠠ ᠰᠤᠩᠭ᠋ᠤᠭᠳᠠᠭᠰᠠᠨ ᠪᠠᠶᠢᠨ᠎ᠠ᠃ ᠮᠦᠨ ᠳᠡᠬᠦᠨ ᠤ ᠪᠦᠲᠦᠬᠡᠯ ᠤᠳ 《ᠲᠤᠮᠳᠠᠳᠤ ᠤᠯᠤᠰ ᠤᠨ ᠤᠳᠤ ᠦᠶ᠎ᠡ ᠶᠢᠨ ᠨᠡᠷᠡᠳᠤ ᠤᠷᠠᠯᠢᠭᠴᠢᠳ ᠤᠨ ᠨᠠᠮᠳᠠᠷ》 ᠬᠡᠮᠡᠬᠦ ᠨᠤᠮ ᠳᠤ ᠰᠤᠩᠭ᠋ᠤᠭᠳᠠᠨ ᠤᠷᠤᠭᠰᠠᠨ ᠪᠠᠶᠢᠨ᠎ᠠ᠃

    2006 ᠤᠨ 12 ᠰᠠᠷ᠎ᠠ  ᠳᠤ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠨᠠᠶ᠋ᠮᠠᠳᠡᠬᠢ ᠡᠭᠡᠯᠵᠢ ᠶᠢᠨ《ᠰᠠᠷᠠᠨ᠎ᠠ》ᠱᠠᠩᠨᠠᠯ ᠢ ᠬᠦᠷᠲᠡᠵᠡᠢ᠃

   2007 ᠤᠨ ᠳᠤ 《 ᠳ᠋ᠧᠪᠠᠵᠠᠨ》 ᠭᠡᠬᠦ ᠪᠦᠲᠦᠭᠡᠯ ᠨᠢ ᠪᠦᠬᠦ ᠤᠯᠤᠰ ᠤᠨ ᠮᠦᠩᠬᠦᠨ ᠬᠦᠢᠯᠬᠡᠬᠡᠨ ᠤ ᠦᠪᠦᠷ ᠮᠤᠩᠭ᠋ᠤᠯ ᠤᠨ ᠦᠵᠡᠰᠬᠦᠯᠡᠩ ᠤᠨ ᠠᠯᠳᠠᠨ ᠮᠧᠳᠠᠯ  ᠢ ᠲᠤᠰᠴᠠᠢ᠃

   2007 ᠤᠨ ᠳᠤ 《ᠠᠳᠤᠭᠤᠨ  ᠲᠡᠯᠯᠡᠭᠡ》 ᠭᠡᠬᠦ ᠪᠦᠲᠦᠬᠡᠯ ᠨᠢ ᠪᠦᠬᠦ ᠤᠯᠤᠰ ᠤᠨ 〔ᠪᠢᠳᠡ ᠲᠤᠮᠳᠠᠳᠤ ᠶᠢᠨ ᠬᠦᠮᠦᠨ〕 ᠨᠡᠷᠡᠮᠵᠢᠲᠦ ᠵᠢᠷᠤᠭᠯᠠᠬᠤ ᠤᠷᠤᠯᠳᠤᠭᠠᠨ ᠳᠤ ᠠᠯᠳᠠᠨ ᠮᠧᠳᠠᠯ ᠬᠦᠷᠲᠡᠵᠡᠢ᠃

   2008 ᠤᠨ ᠳᠤ ᠦᠪᠦᠷ ᠮᠤᠩᠭ᠋ᠤᠯ ᠤᠨ ᠰᠢᠯᠢ ᠶᠢᠨ ᠭᠤᠤᠯ ᠠᠶᠢᠮᠠᠭ ᠤᠨ ᠰᠢᠯᠢᠳᠡᠭ ᠭᠡᠷᠡᠯ ᠵᠢᠷᠤᠭᠴᠢᠨ ᠤ ᠴᠤᠯᠠ ᠬᠦᠷᠲᠡᠵᠡᠢ᠃

   2008 ᠤᠨ ᠳᠤ 《ᠰᠢᠯᠢ ᠶᠢᠨ ᠭᠤᠤᠯ ᠤᠨ ᠲᠠᠯ᠎ᠠ ᠨᠤᠳᠤᠭ ᠤᠨ ᠬᠡᠷᠡᠯ ᠵᠢᠷᠤᠭ ᠤᠨ ᠨᠡᠶᠢᠬᠡᠮᠯᠢᠭ᠌》 ᠤᠨ ᠨᠧᠲ ᠢ ᠠᠮᠵᠢᠯᠳᠠ ᠲᠠᠢ ᠪᠠᠶᠢᠭᠤᠯᠵᠠᠢ᠃

   2008 ᠤᠨ ᠳᠤ 《ᠴᠠᠰᠤᠨ ᠳᠤ ᠬᠤᠴᠢᠬᠳᠠᠬᠰᠠᠨ ᠬᠦᠳᠡᠭᠡ》 ᠨᠢ 2008 ᠤᠨ ᠤ《ᠨᠢᠺᠤᠨ(nikon) ᠳᠤᠮᠳᠠᠳᠤ ᠤᠯᠤᠰ ᠲᠤ》ᠨᠡᠷᠡᠮᠵᠢᠲᠦ ᠭᠤᠷᠪᠠᠳᠤᠭᠠᠷ ᠲᠡᠰ ᠤᠨ ᠱᠠᠩᠨᠠᠯ ᠢ ᠬᠦᠷᠲᠡᠵᠡᠢ᠃

   2009 ᠤᠨ ᠳᠤ 《ᠰᠢᠯᠢ ᠶᠢᠨ ᠭᠤᠤᠯ ᠤᠨ ᠵᠢᠷᠤᠭᠯᠠᠯ》 ᠰᠤᠨᠢᠨ ᠢ ᠰᠡᠳᠤᠨ ᠡᠷᠬᠢᠯᠡᠵᠡᠢ᠃

   2009 ᠤᠨ ᠳᠤ《ᠰᠤᠨᠤᠯᠵᠠᠨ ᠤᠷᠤᠰᠬᠤ ᠮᠦᠩᠬᠦᠨ ᠭᠤᠤᠯ》 ᠨᠢ ᠵᠡᠬᠦᠨ ᠬᠤᠶᠢᠳᠤ ᠠᠽᠢᠶ᠎ᠠ  ᠤᠯᠠᠨ ᠤᠯᠤᠰ ᠤᠨ ᠬᠡᠷᠡᠯ ᠵᠢᠷᠤᠭ ᠤᠨ ᠪᠦᠲᠦᠬᠡᠯ ᠤᠨ ᠤᠷᠤᠯᠳᠤᠭᠠᠨ ᠳᠤ ᠭᠤᠷᠪᠠᠳᠤᠭᠠᠷ ᠲᠡᠰ ᠤᠨ ᠱᠠᠩᠨᠠᠯ ᠬᠦᠷᠲᠡᠵᠡᠢ᠃ 《ᠤᠷᠭᠠᠴᠢᠨ》ᠬᠡᠬᠦ ᠪᠦᠲᠦᠬᠡᠯ ᠨᠢ ᠲᠤᠮᠳᠠᠳᠤ ᠪᠤᠯᠤᠨ ᠮᠤᠩᠭ᠋ᠤᠯ ᠤᠯᠤᠰ ᠤᠨ ᠨᠦᠬᠦᠷᠰᠡᠭ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠳᠤ ᠤᠯᠠᠨ ᠤᠯᠤᠰ ᠤᠨ ᠤᠷᠤᠯᠳᠤᠭᠠᠨ ᠤ ᠬᠤᠶᠠᠳᠤᠭᠠᠷ ᠲᠡᠰ ᠤᠨ ᠱᠠᠩᠨᠠᠯ ᠬᠦᠷᠲᠡᠵᠡᠢ᠃ 《ᠰᠠᠯᠬᠢᠨ ᠬᠦᠯᠦᠭ》 ᠬᠡᠬᠦ ᠪᠦᠲᠦᠬᠡᠯ  ᠨᠢ ᠪᠦᠬᠦ ᠤᠯᠤᠰ ᠤᠨ ᠮᠦᠩᠬᠦᠨ ᠬᠦᠢᠯᠬᠡᠬᠡᠨ ᠤ ᠬᠡᠷᠡᠯ ᠵᠢᠷᠤᠭ ᠤᠨ ᠦᠵᠡᠰᠬᠦᠯᠡᠩ ᠳᠤ ᠭᠤᠷᠪᠠᠳᠤᠭᠠᠷ ᠲᠡᠰ ᠤᠨ ᠱᠠᠩᠨᠠᠯ ᠬᠦᠷᠲᠡᠪᠡ᠃ 《ᠲᠠᠯ᠎ᠠ ᠨᠤᠳᠤᠭ ᠬᠡᠮᠡᠬᠦ 6 ᠰᠢᠷᠢᠰ ᠪᠦᠲᠦᠬᠡᠯ》 ᠨᠢ ᠯᠠᠶᠢᠺ᠂ ᠫᠢᠩ ᠶᠤᠤ ᠨᠡᠷᠡᠮᠵᠢᠲᠦ ᠤᠯᠠᠨ ᠤᠯᠤᠰ ᠤᠨ ᠵᠢᠷᠤᠭ ᠤᠨ ᠦᠵᠡᠰᠬᠦᠯᠡᠩ ᠳᠤ ᠰᠤᠩᠭ᠋ᠤᠭᠳᠠᠪᠠ᠃

   2010 ᠤᠨ ᠳᠤ 《ᠰᠢᠯᠢ ᠶᠢᠨ ᠭᠤᠤᠯ ᠤᠨ ᠵᠢᠷᠤᠭᠯᠠᠯ》 ᠰᠡᠳᠬᠦᠯ ᠢ ᠰᠡᠳᠤᠨ ᠡᠷᠬᠢᠯᠡᠵᠡᠢ᠃

   2010 ᠤᠨ ᠳᠤ《ᠠᠳᠤᠭᠤᠴᠢᠨ》ᠭᠡᠬᠦ ᠪᠦᠲᠦᠬᠡᠯ  ᠢᠶᠡᠷ ᠢᠶᠡᠨ ᠪᠦᠬᠦ ᠤᠯᠤᠰ ᠤᠨ 《ᠪᠠᠬᠠᠷᠤᠮ᠎ᠠ ᠰᠠᠶᠢᠬᠠᠨ ᠪᠠᠷᠠᠭᠤᠨ ᠦᠵᠦᠮᠦᠴᠢᠨ》 ᠬᠡᠷᠡᠯ ᠵᠢᠷᠤᠭ ᠤᠨ ᠤᠷᠤᠯᠳᠤᠭᠠᠨ ᠳᠤ ᠠᠯᠳᠠᠨ ᠮᠧᠳᠠᠯ ᠬᠦᠷᠲᠡᠵᠡᠢ᠃ ᠬᠡᠷᠡᠯ ᠵᠢᠷᠤᠭ《ᠮᠤᠩᠭ᠋ᠤᠯ ᠠᠶᠢᠯ》 ᠨᠢ ᠪᠦᠬᠦ ᠤᠯᠤᠰ ᠤᠨ ᠠᠷᠪᠠᠨ ᠬᠤᠶᠠᠳᠤᠭᠠᠷ ᠡᠬᠡᠯᠵᠢ ᠶᠢᠨ ᠤᠳᠤ ᠦᠶ᠎ᠡ ᠶᠢᠨ ᠪᠠᠷᠢᠮᠲᠠᠲᠤ ᠵᠢᠷᠤᠭᠯᠠᠬᠤ ᠤᠷᠠᠯᠢᠭ ᠤᠨ ᠠᠯᠳᠠᠨ ᠮᠧᠳᠠᠯ ᠢ ᠬᠦᠷᠲᠡᠵᠡᠢ᠃ 2011 ᠤᠨ ᠳᠤ《ᠡᠮᠨᠡᠭ》ᠭᠡᠬᠦ ᠢᠵᠢ ᠵᠢᠷᠤᠭ ᠨᠢ ᠪᠦᠬᠦ ᠤᠯᠤᠰ ᠤᠨ ᠲᠠᠷᠢᠶᠠᠯᠠᠩ ᠤᠨ ᠪᠠᠩᠬᠢ ᠪᠠᠶᠢᠭᠤᠯᠤᠭᠳᠠᠭᠰᠠᠨ 60 ᠵᠢᠯ ᠤᠨ ᠤᠢ ᠳᠤ《ᠲᠡᠦᠬᠡ ᠶᠢᠨ ᠤᠯᠪᠠᠭ᠎ᠠ ᠂ ᠲᠡᠬᠦᠯᠳᠡᠷ ᠠᠯᠬᠤᠭ᠎ᠠ》 ᠠᠵᠢᠯᠳᠠᠳ ᠤᠨ ᠬᠡᠷᠡᠯ ᠵᠢᠷᠤᠭ ᠤᠨ ᠤᠷᠤᠯᠳᠤᠭᠠᠨ ᠳᠤ ᠠᠯᠳᠠᠨ ᠮᠧᠳᠠᠯ ᠬᠦᠷᠲᠡᠵᠤ᠂ ᠲᠤᠮᠳᠠᠳᠤ ᠤᠯᠤᠰ ᠤᠨ ᠮᠦᠩᠬᠦᠨ ᠬᠦᠢᠯᠬᠡᠬᠡᠨ ᠤ ᠬᠡᠷᠡᠯ ᠵᠢᠷᠤᠭ ᠤᠨ ᠨᠡᠶᠢᠬᠡᠮᠯᠢᠭ᠌᠌ ᠲᠤ ᠬᠠᠳᠠᠭᠠᠯᠠᠬᠳᠠᠨ ᠮᠦᠨ ᠪᠦᠬᠦ ᠤᠯᠤᠰ  ᠤᠨ ᠲᠤᠭᠤᠷᠢᠨ ᠦᠵᠡᠬᠦᠯᠬᠦ ᠪᠦᠲᠦᠬᠡᠯ ᠳᠤ ᠰᠤᠩᠭ᠋ᠤᠭᠳᠠᠪᠠ᠃

   2011 ᠤᠨ ᠳᠤ 《ᠨᠤᠮᠢᠨ ᠲᠠᠯ᠎ᠠ ᠶᠢᠨ ᠬᠤᠢ》 ᠬᠡᠬᠦ ᠪᠦᠲᠦᠬᠡᠯ ᠨᠢ ᠪᠦᠬᠦ ᠤᠯᠤᠰ ᠤᠨ ᠬᠦᠳᠡᠭᠡ ᠠᠵᠤ ᠠᠬᠤᠢ ᠶᠢᠨ ᠶᠠᠮᠤᠨ ᠤ 〔ᠲᠠᠯ᠎ᠠ ᠨᠤᠳᠤᠭ ᠢᠶᠡᠨ ᠬᠠᠮᠠᠭᠠᠯᠠᠶ᠎ᠠ〕 ᠨᠡᠷᠡᠮᠵᠢᠲᠤ ᠬᠡᠷᠡᠯ ᠵᠢᠷᠤᠭ ᠤᠨ ᠤᠷᠤᠯᠳᠤᠭᠠᠨ ᠳᠤ ᠠᠯᠳᠠᠨ ᠮᠧᠳᠠᠯ ᠬᠦᠷᠲᠡᠵᠡᠢ᠃

   2012 ᠤᠨ ᠳᠤ《ᠨᠤᠮᠤᠴᠢᠨ》ᠬᠡᠬᠦ ᠪᠦᠲᠦᠬᠡᠯ ᠨᠢ ᠨᠢᠬᠡᠳᠤᠭ᠍ᠰᠡᠨ ᠦᠨᠳᠦᠰᠤᠨ ᠤ ᠪᠠᠶᠢᠭᠤᠯᠭ᠎ᠠ ᠡᠴᠡ ᠡᠷᠬᠢᠯᠡᠭᠰᠡᠨ 《ᠲᠤᠮᠳᠠᠳᠤ ᠤᠯᠤᠰ ᠤᠨ ᠦᠪᠦᠷ ᠮᠤᠩᠭ᠋ᠤᠯ ᠤᠨ 〔ᠲᠡᠭᠷᠢ ᠲᠠᠯ᠎ᠠ〕᠂ ᠨᠢᠬᠡᠳᠤᠭ᠍ᠰᠡᠨ ᠦᠨᠳᠦᠰᠤᠨ ᠤ ᠪᠠᠶᠢᠭᠤᠯᠭ᠎ᠠ  ᠶᠢᠨ ᠬᠡᠷᠡᠯ ᠵᠢᠷᠤᠭ ᠤᠨ ᠤᠷᠠᠯᠢᠭ ᠤᠨ ᠦᠵᠡᠰᠬᠦᠯᠡᠩ》 ᠳᠤ ᠬᠤᠶᠠᠳᠤᠭᠠᠷ ᠲᠡᠰ ᠤᠨ ᠱᠠᠩᠨᠠᠯ ᠬᠦᠷᠲᠡᠵᠡᠢ᠃ ᠍

   2012 ᠤᠨ ᠳᠤ 《ᠤᠮᠠᠷᠠᠳᠤ ᠴᠡᠭ》 ᠨᠢ ᠦᠪᠦᠷ ᠮᠤᠩᠭ᠋ᠤᠯ ᠤᠨ ᠦᠪᠡᠷᠲᠡᠬᠡᠨ ᠵᠠᠰᠠᠬᠤ ᠤᠷᠤᠨ ᠤ ᠠᠷᠪᠠᠨ ᠨᠢᠬᠡᠳᠡᠬᠢ ᠡᠬᠡᠯᠵᠢ ᠶᠢᠨ ᠬᠡᠷᠡᠯ ᠵᠢᠷᠤᠭ ᠤᠨ ᠤᠷᠠᠯᠢᠭ ᠤᠨ ᠦᠵᠡᠰᠬᠦᠯᠡᠩ ᠳᠤ ᠠᠯᠳᠠᠨ ᠮᠧᠳᠠᠯ ᠬᠦᠷᠲᠡᠪᠡ᠃

   2012 ᠤᠨ ᠳᠤ ᠪᠦᠬᠦ ᠤᠯᠤᠰ ᠤᠨ ᠦᠨᠳᠦᠰᠦᠨ ᠱᠠᠳᠤᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠨᠧᠲ ᠤᠨ ᠰᠢᠰᠲ᠋ᠧᠮ ᠪᠠᠶᠢᠭᠤᠯᠤᠯᠳᠠ ᠶᠢᠨ ᠨᠡᠶᠢᠲᠡᠯᠢᠭ ᠲᠤᠷᠰᠢᠯᠭ᠎ᠠ ᠶᠢᠨ ᠡᠯᠰᠡᠯᠳᠠ ᠳᠤ᠂《 ᠦᠨᠳᠦᠰᠦᠲᠡᠨ ᠤ ᠬᠡᠷᠡᠯ ᠵᠢᠷᠤᠭ ᠤᠨ ᠨᠧᠲ ᠢᠶᠡᠷ ᠰᠤᠶᠤᠯ ᠠᠵᠤ ᠠᠬᠤᠢ ᠶᠢᠨ ᠬᠦᠭ᠍ᠵᠢᠯᠲᠡ ᠶᠢ ᠠᠬᠢᠭᠤᠯᠤᠭᠰᠠᠨ》 ᠭᠤᠷᠪᠠᠳᠤᠭᠠᠷ ᠲᠡᠰ ᠤᠨ ᠱᠠᠩᠨᠠᠯ ᠬᠦᠷᠲᠡᠵᠡᠢ᠃

   2012 ᠤᠨ ᠳᠤ ᠺᠧᠨᠢᠶᠠ ᠳᠤ ᠬᠡᠬᠡᠷ᠎ᠡ ᠶᠢᠨ ᠠᠮᠢᠳᠠᠨ ᠢ ᠵᠢᠷᠤᠭᠯᠬᠤ ᠬᠦᠰᠡᠯ ᠢᠶᠡᠨ ᠲᠡᠷᠭᠡᠯᠰᠢᠭᠦᠯᠦᠭᠡᠳ᠂ ᠠᠹᠷᠢᠺᠠ ᠲᠢᠪ ᠤᠨ ᠺᠧᠨᠢᠶᠠ ᠳᠤ ᠬᠡᠬᠡᠷ᠎ᠡ ᠶᠢᠨ ᠠᠮᠢᠳᠠᠨ ᠢ ᠵᠢᠷᠤᠭᠯᠠᠭᠰᠠᠨ ᠰᠢᠯᠢ ᠶᠢᠨ ᠭᠤᠤᠯ ᠠᠶᠢᠮᠠᠭ ᠤᠨ ᠠᠩᠬᠠᠨ ᠤ ᠭᠡᠷᠡᠯ ᠵᠢᠷᠤᠭᠴᠢᠨ ᠪᠤᠯᠤᠭᠰᠠᠨ ᠪᠠᠶᠢᠨ᠎ᠠ᠃

   2012 ᠤᠨ  ᠳᠤ ᠲᠠᠶᠢᠸᠠᠨ ᠤ ᠲᠤᠮᠳᠠᠳᠤ  ᠶᠢᠨ ᠬᠡᠷᠡᠯ ᠵᠢᠷᠤᠭ ᠤᠨ ᠨᠡᠶᠢᠬᠡᠮᠯᠢᠭ᠌᠌ ᠤᠨ ᠤᠷᠢᠯᠭ᠎ᠠ ᠪᠡᠷ 400 ᠭᠠᠷᠤᠢ ᠲᠠᠯ᠎ᠠ ᠨᠤᠳᠤᠭ ᠤᠨ ᠬᠡᠷᠡᠯ ᠵᠢᠷᠤᠭ ᠤᠨ ᠪᠦᠲᠦᠬᠡᠯ ᠢᠶᠡᠷ ᠢᠶᠡᠨ ᠲᠠᠶᠢᠪᠧᠢ ᠶᠢᠨ ᠤᠯᠤᠰ ᠤᠨ ᠲᠤᠷᠠᠰᠬᠠᠯᠳᠤ ᠤᠷᠳᠤᠨ ᠤ ᠡᠷᠬᠢᠯᠡᠭᠰᠡᠨ 《ᠬᠠᠶᠢᠷ᠎ᠠ ᠲᠤᠭᠳᠠᠭᠰᠠᠨ ᠦᠪᠦᠷ ᠮᠤᠩᠭ᠋ᠤᠯ》 ᠬᠡᠷᠡᠯ ᠵᠢᠷᠤᠭ ᠤᠨ ᠬᠤᠯᠪᠤᠭᠠᠳᠤ ᠦᠵᠡᠰᠬᠦᠯᠡᠩ ᠳᠤ ᠤᠷᠤᠯᠴᠠᠵᠠᠢ᠃ ᠦᠵᠡᠰᠬᠦᠯᠡᠩ ᠳᠤ ᠲᠠᠶᠢᠸᠠᠨ ᠪᠠ ᠰᠢᠯᠢ ᠶᠢᠨ ᠭᠤᠤᠯ ᠠᠶᠢᠮᠠᠭ ᠤᠨ 51 ᠨᠡᠷᠡᠳᠤ ᠬᠡᠷᠡᠯ ᠵᠢᠷᠤᠭᠴᠢᠳ ᠤᠨ 120 ᠰᠢᠯᠢᠳᠡᠭ ᠪᠦᠲᠦᠬᠡᠯ ᠢ ᠲᠡᠯᠬᠡᠨ ᠦᠵᠡᠬᠦᠯᠵᠡᠢ᠃ ᠡᠨᠡ ᠨᠢ ᠬᠤᠶᠠᠷ ᠡᠷᠬᠢ ᠶᠢᠨ ᠬᠡᠷᠡᠯ ᠵᠢᠷᠤᠭ  ᠰᠤᠶᠤᠯ ᠤᠷᠠᠯᠢᠭ ᠤᠨ ᠬᠠᠷᠢᠯᠴᠠᠭ᠎ᠠ ᠶᠢ ᠠᠬᠢᠭᠤᠯᠵᠤ᠂ ᠬᠤᠶᠠᠷ ᠡᠷᠬᠢ ᠶᠢᠨ ᠭᠡᠷᠡᠯ ᠵᠢᠷᠤᠭᠴᠢᠳ ᠤᠨ ᠤᠶᠢᠯᠠᠭᠠᠯᠴᠠᠭ᠎ᠠ ᠪᠡ ᠬᠠᠷᠢᠯᠴᠠᠭ᠎ᠠ ᠶᠢ ᠪᠠᠳᠤᠳᠬᠠᠵᠤ᠂ ᠦᠪᠦᠷ ᠮᠤᠩᠭ᠋ᠤᠯ ᠤᠨ ᠰᠢᠯᠢ ᠶᠢᠨ ᠭᠤᠤᠯ ᠠᠶᠢᠮᠠᠭ ᠤᠨ ᠰᠤᠶᠤᠯ ᠤᠨ ᠪᠠᠶᠢᠭᠤᠯᠤᠯᠳᠠ ᠳᠤ ᠢᠳᠡᠪᠬᠢ ᠨᠦᠯᠦᠬᠡ ᠦᠵᠡᠬᠦᠯᠵᠤ ᠪᠢᠯᠡ᠃

   2013 ᠤᠨ ᠤ 6 ᠰᠠᠷ᠎ᠠ ᠳᠤ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠳᠠᠬᠢ ᠡᠬᠡᠯᠵᠢ ᠶᠢᠨ 《ᠰᠠᠷᠠᠨ᠎ᠠ》 ᠨᠡᠷᠡᠮᠵᠢᠳᠤ ᠬᠠᠮᠤᠭ ᠤᠨ ᠲᠡᠭᠡᠳᠤ ᠱᠠᠩᠨᠠᠯ ᠢ ᠲᠠᠬᠢᠨ ᠬᠦᠷᠲᠡᠵᠤ᠂ ᠰᠢᠯᠢ ᠶᠢᠨ ᠭᠤᠤᠯ ᠠᠶᠢᠮᠠᠭ ᠤᠨ ᠴᠤᠷ ᠤᠨ ᠭᠠᠭᠴᠠ ᠬᠡᠷᠡᠯ ᠵᠢᠷᠤᠭ ᠤᠨ ᠲᠦᠷᠦᠯ ᠤᠨ 《ᠰᠠᠷᠠᠨ᠎ᠠ》 ᠱᠠᠩᠨᠠᠯ ᠢ ᠬᠤᠶᠠᠷᠲᠠ ᠲᠤᠰᠤᠭᠴᠢ ᠪᠤᠯᠵᠡᠢ᠃

   2013 ᠤᠨ ᠤ 8 ᠰᠠᠷ᠎ᠠ ᠳᠤ ᠲᠤᠮᠳᠠᠳᠤ ᠤᠯᠤᠰ ᠤᠨ ᠠᠳᠤᠭᠤᠨ ᠤ ᠨᠤᠳᠤᠭ ᠢ ᠰᠤᠷᠳᠠᠯᠴᠢᠯᠠᠬᠤ ᠵᠤᠷᠢᠯᠭ᠎ᠠ ᠪᠡᠷ 《ᠲᠤᠮᠳᠠᠳᠤ ᠤᠯᠤᠰ ᠤᠨ ᠠᠳᠤᠭᠤᠨ ᠤ ᠨᠤᠳᠤᠭ ᠰᠢᠯᠢ ᠶᠢᠨ ᠭᠤᠤᠯ  ᠤᠨ ᠮᠤᠩᠭ᠋ᠤᠯ ᠠᠳᠤᠭᠤ》 ᠬᠡᠮᠡᠬᠦ ᠨᠤᠮ ᠢᠶᠡᠨ ᠨᠠᠶᠢᠷᠠᠭᠤᠯᠵᠤ᠂ ᠲᠤᠮᠳᠠᠳᠤ ᠤᠯᠤᠰ ᠤᠨ ᠬᠡᠷᠡᠯ ᠵᠢᠷᠤᠭ ᠤᠨ ᠬᠡᠪᠯᠡᠯ ᠤᠨ ᠬᠤᠷᠢᠶ᠎ᠠ ᠡᠴᠡ ᠬᠡᠪᠯᠡᠬᠦᠯᠦᠨ ᠲᠠᠷᠬᠠᠭᠠᠭᠰᠠᠨ ᠪᠠᠶᠢᠨ᠎ᠠ᠃ 5 ᠵᠢᠯ ᠬᠡᠷᠡᠭᠰᠡᠨ ᠲᠦᠮᠡ ᠰᠢᠬᠠᠮ ᠪᠦᠲᠦᠬᠡᠯ ᠵᠢᠷᠤᠭᠯᠠᠵᠤ᠂ ᠵᠢᠷᠤᠭ ᠦᠰᠦᠭ ᠬᠤᠤᠰᠯᠠᠭᠰᠠᠨ᠂ ᠲᠤᠮᠳᠠᠳᠤ᠂ ᠠᠩᠭ᠍ᠯᠢ᠂ ᠮᠤᠩᠭ᠋ᠤᠯ ᠭᠤᠷᠪᠡᠨ ᠲᠦᠷᠦᠯ ᠤᠨ ᠦᠰᠦᠭ ᠬᠠᠳᠠᠬᠰᠠᠨ ᠬᠡᠯᠪᠡᠷᠢ ᠪᠡᠷ᠂ ᠪᠦᠬᠦ ᠲᠠᠯ᠎ᠠ ᠡᠴᠡ᠂ ᠤᠯᠠᠨ ᠡᠬᠦᠳᠡᠨ ᠡᠴᠡ ᠰᠢᠯᠢ ᠶᠢᠨ ᠭᠤᠤᠯ ᠠᠶᠢᠮᠠᠭ ᠤᠨ ᠮᠤᠩᠭ᠋ᠤᠯ ᠠᠳᠤᠭᠤᠨ ᠤ ᠲᠦᠷᠤᠯ ᠵᠦᠢᠯ᠂ ᠤᠨᠴᠠᠯᠢᠭ ᠢ ᠢᠯᠡᠷᠡᠬᠦᠯᠵᠤ᠂ ᠰᠢᠯᠢ ᠶᠢᠨ ᠭᠤᠤᠯ ᠠᠶᠢᠮᠠᠭ ᠤᠨ ᠠᠳᠤᠭᠤ ᠪᠡᠷ ᠲᠤᠲ᠋ᠧᠮ ᠪᠤᠯᠭᠠᠭᠰᠠᠨ ᠤᠯᠠᠨ ᠲᠦᠷᠤᠯ ᠤᠨ ᠠᠳᠤᠭᠤᠨ ᠰᠤᠶᠤᠯ ᠤᠨ ᠠᠵᠢᠯᠯᠠᠭᠠᠨ ᠵᠢᠴᠢ ᠠᠳᠤᠭᠤᠨ ᠦᠢᠯᠡᠰ ᠤᠨ ᠬᠦᠭ᠍ᠵᠢᠯ ᠤᠨ ᠲᠡᠦᠬᠡ ᠶᠢ ᠲᠠᠨᠢᠯᠴᠠᠭᠤᠯᠤᠭᠰᠠᠨ ᠨᠢ ᠤᠯᠤᠰ ᠤᠨ ᠲᠤᠳᠤᠭᠠᠳᠤ ᠶᠢᠨ ᠠᠩᠬᠠᠳᠠᠭᠴᠢ ᠤᠯᠠᠨ ᠲᠦᠷᠦᠯ ᠤᠨ ᠦᠰᠦᠭ ᠢᠶᠡᠷ ᠲᠠᠨᠢᠯᠴᠠᠭᠤᠯᠤᠭᠰᠠᠨ ᠮᠤᠩᠭ᠋ᠤᠯ ᠠᠳᠤᠭᠤᠨ ᠤ ᠵᠢᠷᠤᠭᠳᠤ ᠲᠡᠪᠲᠡᠷ ᠪᠤᠯᠵᠠᠢ᠃

   2013 ᠤᠨ ᠤ 9 ᠰᠠᠷ᠎ᠠ ᠳᠤ ᠲᠤᠮᠳᠠᠳᠤ ᠤᠯᠤᠰ ᠤᠨ ᠮᠦᠩᠬᠦᠨ ᠬᠦᠢᠯᠬᠡᠬᠡᠨ ᠤ ᠬᠡᠷᠡᠯ ᠵᠢᠷᠤᠬ ᠤᠨ ᠨᠡᠶᠢᠬᠡᠮᠯᠢᠭ᠌᠌ ᠤᠨ ᠬᠤᠶᠠᠳᠠᠬᠢ ᠡᠬᠡᠯᠵᠢ ᠶᠢᠨ ᠪᠦᠬᠦ ᠤᠯᠤᠰ ᠤᠨ ᠬᠡᠷᠡᠯ ᠵᠢᠷᠤᠭ  ᠤᠨ ᠦᠵᠡᠰᠬᠦᠯᠡᠩ ᠤᠨ ᠬᠤᠶᠠᠳᠤᠭᠠᠷ ᠲᠡᠰ ᠤᠨ ᠱᠠᠩᠨᠠᠯ ᠢ ᠬᠦᠷᠲᠡᠵᠡᠢ᠃

   2014 ᠤᠨ  ᠤ 6 ᠰᠠᠷ᠎ᠠ ᠳᠤ 《 ᠦᠵᠡᠰᠬᠦᠯᠩᠳᠤ ᠦᠪᠦᠷ ᠮᠤᠩᠭ᠋ᠤᠯ》 ᠪᠠᠶᠢᠭᠠᠯᠢ ᠠᠮᠢ ᠠᠬᠤᠢ ᠶᠢᠨ ᠬᠡᠷᠡᠯ ᠵᠢᠷᠤᠭ ᠤᠨ ᠤᠷᠤᠯᠳᠤᠭᠠᠨ ᠳᠤ 《ᠲᠠᠯ᠎ᠠ ᠨᠤᠳᠤᠭ ᠤᠨ ᠰᠠᠬᠢᠭᠤᠰᠤ 》ᠬᠡᠬᠦ ᠪᠦᠲᠤᠬᠡᠯ ᠨᠢ ᠨᠢᠬᠡᠳᠤᠭᠡᠷ ᠲᠡᠰ ᠤᠨ ᠱᠠᠩᠨᠠᠯ ᠬᠦᠷᠲᠡᠭᠰᠡᠨ ᠪᠦᠬᠡᠳ ᠰᠢᠯᠢ ᠶᠢᠨ ᠭᠤᠤᠯ ᠠᠶᠢᠮᠠᠭ ᠤᠨ ᠬᠡᠷᠡᠯ ᠵᠢᠷᠤᠭ ᠤᠨ ᠨᠡᠶᠢᠬᠡᠮᠯᠢᠭ᠌᠌ ᠤᠨ ᠵᠤᠬᠢᠶᠠᠨ ᠪᠠᠶᠢᠭᠤᠯᠤᠭᠰᠠᠨ ᠱᠠᠩᠨᠠᠯ ᠢ ᠬᠦᠷᠲᠡᠵᠡᠢ᠃

   2014 ᠤᠨ ᠤ 7 ᠰᠠᠷ᠎ᠠ ᠳᠤ ᠪᠦᠬᠦ ᠤᠯᠤᠰ ᠤᠨ ᠲᠠᠷᠢᠶᠠᠯᠠᠩ ᠤᠨ ᠪᠠᠩᠬᠢ ᠶᠢᠨ ᠠᠩᠬᠠᠳᠠᠭᠴᠢ ᠡᠬᠡᠯᠵᠢ ᠶᠢᠨ 《ᠠᠯᠳᠠ ᠲᠦᠯᠬᠢᠬᠦᠷ 》 ᠬᠤᠨᠳᠠᠭᠠᠳᠤ ᠬᠡᠷᠡᠯ ᠵᠢᠷᠤᠭ ᠤᠨ ᠶᠡᠬᠡ ᠤᠷᠤᠯᠳᠤᠭᠠᠨ ᠤ ᠬᠤᠶᠠᠳᠤᠭᠠᠷ᠂ ᠭᠤᠷᠪᠠᠳᠤᠭᠠᠷ ᠲᠡᠰ ᠤᠨ ᠱᠠᠩᠨᠠᠯ ᠢ ᠬᠦᠷᠲᠡᠵᠡᠢ᠃

   2014 ᠤᠨ ᠤ 10 ᠰᠠᠷ᠎ᠠ ᠶᠢᠨ 22 ᠤᠨ ᠡᠳᠤᠷ᠂ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠬᠡᠮᠯᠢᠭ᠌᠌ ᠤᠨ ᠡᠷᠬᠢᠯᠡᠭᠰᠡᠨ《ᠰᠠᠷᠠᠯ ᠮᠤᠷᠢᠨ ᠤ ᠨᠤᠳᠤᠭ》ᠬᠡᠷᠡᠯ ᠵᠢᠷᠤᠭ ᠤᠨ ᠦᠵᠡᠰᠬᠦᠯᠡᠩ ᠪᠡᠭᠡᠵᠢᠩ ᠳᠤ ᠶᠠᠪᠤᠭᠳᠠᠵᠤ᠂ ᠠᠯᠳᠠᠨ ᠮᠧᠳᠠᠯ ᠬᠦᠷᠲᠡᠵᠡᠢ᠃

   2008 ᠤᠨ ᠡᠴᠡ ᠨᠠᠭᠠᠰᠢ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠪᠠᠭᠰᠢ ᠰᠤᠷᠤᠭᠴᠢᠳ ᠵᠢᠴᠢ ᠡᠯ᠎ᠡ ᠬᠤᠰᠢᠭᠤ᠂ ᠰᠢᠶᠠᠨ᠂ ᠬᠤᠳᠠ ᠶᠢᠨ ᠭᠡᠷᠡᠯ ᠵᠢᠷᠤᠭᠴᠢᠳ ᠤᠨ 28 ᠬᠤᠭᠤᠴᠠᠭᠠᠨ ᠤ ᠰᠤᠷᠢᠯᠳᠠ ᠶᠢᠨ ᠠᠩᠬᠢ ᠪᠠᠶᠢᠭᠤᠯᠵᠤ᠂ ᠤᠯᠠᠨ ᠤᠳᠠᠭ᠎ᠠ ᠰᠢᠯᠵᠢᠮᠡᠯ ᠬᠤᠯᠪᠤᠭ᠎ᠠ ᠺᠤᠮᠫᠠᠨᠢ᠂ ᠨᠡᠬᠦᠷᠡᠰᠦᠨ  ᠤ ᠺᠤᠮᠫᠠᠨᠢ᠂ ᠬᠢᠯᠢ ᠶᠢᠨ ᠴᠡᠷᠢᠭ ᠠᠩᠬᠢ᠂ ᠶᠡᠬᠡ ᠰᠤᠷᠭᠠᠭᠤᠯᠢ ᠵᠢᠴᠢ ᠲᠤᠮᠳᠠᠳᠤ ᠤᠯᠤᠰ ᠤᠨ ᠬᠦᠳᠡᠬᠡ ᠠᠵᠤ ᠠᠬᠤᠢ ᠶᠢᠨ ᠶᠠᠮᠤᠨ ᠵᠡᠷᠬᠡ ᠡᠴᠡ ᠡᠷᠬᠢᠯᠡᠭᠰᠡᠨ ᠬᠡᠷᠡᠯ ᠵᠢᠷᠤᠭ ᠤᠨ ᠰᠤᠷᠢᠯᠳᠠ ᠶᠢᠨ ᠠᠩᠬᠢ ᠳᠤ 《ᠲᠤᠮᠳᠠᠳᠤ ᠤᠯᠤᠰ ᠤᠨ ᠲᠠᠯ᠎ᠠ ᠨᠤᠳᠤᠭ ᠤᠨ ᠬᠡᠷᠡᠯ ᠵᠢᠷᠤᠭ》 ᠬᠡᠬᠦ ᠰᠡᠳᠤᠪ ᠢᠶᠡᠷ ᠬᠡᠷᠡᠯ ᠵᠢᠷᠤᠭ ᠤᠨ ᠦᠨᠳᠦᠰᠦᠨ ᠮᠡᠷᠭᠡᠵᠢᠯ ᠤᠨ ᠬᠢᠴᠢᠶᠡᠯ ᠵᠢᠭᠠᠵᠤ᠂ ᠲᠠᠯ᠎ᠠ ᠨᠤᠳᠤᠭ ᠤᠨ ᠠᠮᠢ ᠠᠬᠤᠢ ᠶᠢᠨ ᠡᠯᠧᠺᠲ᠋ᠷᠤᠨ ᠵᠢᠷᠤᠭ  ᠢᠶᠡᠷ ᠢᠶᠡᠨ ᠬᠡᠷᠡᠯ ᠵᠢᠷᠤᠭ ᠤᠨ ᠤᠷᠠᠯᠢᠭ ᠤᠨ 30 ᠵᠢᠯ ᠤᠨ ᠬᠦᠭ᠍ᠵᠢᠯᠲᠡ ᠬᠤᠪᠢᠷᠠᠯᠳᠠ ᠶᠢ ᠠᠮᠢᠳᠤᠯᠢᠭ ᠢᠶᠡᠷ ᠢᠯᠡᠳᠬᠡᠵᠤ᠂ ᠬᠦᠳᠡᠬᠡ ᠨᠤᠳᠤᠭ ᠪᠠ ᠬᠦᠮᠦᠨ ᠠᠷᠠᠳ ᠤᠨ ᠬᠢᠨᠢ ᠦᠩᠬᠡ ᠦᠵᠡᠮᠵᠢ ᠵᠠᠩ ᠠᠷᠠᠨᠰᠢᠨ ᠢ ᠢᠯᠡᠷᠡᠬᠦᠯᠵᠤ᠂ ᠲᠠᠯ᠎ᠠ ᠨᠤᠳᠤᠭ ᠤᠨ ᠬᠡᠷᠡᠯ ᠵᠢᠷᠤᠭ ᠰᠤᠶᠤᠯ ᠤᠨ ᠦᠢᠯᠡᠰ ᠢᠶᠡᠷ ᠢᠶᠡᠨ ᠤᠷᠤᠨ ᠤ ᠪᠠᠨ ᠲᠤᠳᠤᠭᠠᠳᠤ ᠭᠠᠳᠠᠭᠠᠳᠤ ᠳᠤ ᠨᠦᠯᠦᠬᠡ ᠲᠠᠢ ᠪᠤᠯᠵᠠᠢ᠃ ᠤᠯᠠᠨ ᠵᠢᠯ ᠤᠨ ᠤᠶᠢᠭ᠎ᠠ ᠦᠭᠡᠢ ᠴᠢᠷᠮᠠᠶᠢᠯᠭ᠎ᠠ ᠪᠡᠷ ᠢᠶᠡᠨ 2011 ᠤᠨ ᠳᠤ ᠲᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠬᠡᠷᠡᠯ ᠵᠢᠷᠤᠭ ᠤᠨ ᠨᠡᠶᠢᠬᠡᠮᠯᠢᠭ᠌᠌ ᠤᠨ ᠨᠢᠬᠡᠳᠤᠬᠡᠷ ᠤᠳᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠬᠡᠰᠢᠬᠦᠨ ᠪᠤᠯᠵᠤ᠂ ᠲᠡᠳ᠋ ᠲᠡᠷᠢᠬᠦᠯᠡᠭᠴᠢ ᠶᠢᠨ ᠲᠤᠰᠢᠶᠠᠯ ᠡᠬᠦᠷᠬᠡᠯᠡᠵᠡᠢ᠃

   2011 ᠤᠨ ᠳᠤ ᠲᠠᠬᠢᠨᠳᠠ ᠦᠪᠦᠷ ᠮᠤᠩᠭ᠋ᠤᠯ ᠤᠨ ᠬᠡᠷᠡᠯ ᠵᠢᠷᠤᠭ ᠤᠨ ᠨᠡᠶᠢᠭᠡᠮᠯᠢᠭ᠌᠌ ᠤᠨ ᠲᠤᠯᠤᠳᠤᠭᠠᠷ ᠤᠳᠠᠭᠠᠨ ᠤ ᠲᠦᠯᠦᠭᠡᠯᠡᠭᠴᠢᠳ ᠤᠨ ᠶᠡᠬᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠬᠡᠰᠢᠬᠦᠨ ᠢᠶᠡᠷ ᠰᠤᠩᠭ᠋ᠤᠭᠳᠠᠨ ᠮᠦᠨ ᠲᠡᠳ᠋ ᠲᠡᠷᠢᠬᠦᠯᠡᠭᠴᠢ ᠶᠢᠨ ᠲᠤᠰᠢᠶᠠᠯ ᠡᠬᠦᠷᠬᠡᠵᠡᠯᠡᠢ᠃

   2014 ᠤᠨ ᠤ 2 ᠰᠠᠷ᠎ᠠ ᠳᠤ ᠰᠢᠯᠢ ᠶᠢᠨ ᠭᠤᠤᠯ ᠠᠶᠢᠮᠠᠭ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠠᠯ ᠤᠨ ᠬᠡᠰᠢᠬᠦᠨ ᠢᠶᠡᠷ ᠰᠤᠩᠭ᠋ᠤᠭᠳᠠᠵᠤ᠂ ᠰᠢᠯᠢ ᠶᠢᠨ ᠭᠤᠤᠯ ᠠᠶᠢᠮᠠᠭ ᠤᠨ ᠬᠡᠷᠡᠯ ᠵᠢᠷᠤᠭ ᠤᠨ ᠰᠠᠯᠪᠤᠷᠢ ᠲᠡᠬᠢ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ ᠢᠶᠡᠷ ᠰᠤᠩᠭ᠋ᠤᠭᠳᠠᠭᠰᠠᠨ ᠠᠩᠬᠠᠳᠠᠭᠴᠢ ᠭᠡᠷᠡᠯ ᠵᠢᠷᠤᠭᠴᠢᠨ ᠪᠤᠯᠤᠭᠰᠠᠨ ᠪᠠᠶᠢᠨ᠎ᠠ᠃

             2015 ᠤᠨ ᠤ 7 ᠰᠠᠷ᠎ᠠ ᠶᠢᠨ 6 ᠤ ᠡᠳᠤᠷ

ᠢᠷᠡᠯᠳᠡ᠄ ᠰᠢᠨᠬᠤᠸᠠ ᠮᠤᠩᠭ᠋ᠤᠯ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691118358379