蒙古文网站Logo
ᠰᠢᠨᠬᠤᠸᠠ ᠮᠤᠩᠭ᠋ᠤᠯ ᠨᠧᠲ

《ᠨᠠᠰᠤᠲᠠᠨ ᠬᠢᠭᠡᠳ ᠲᠤᠭᠤᠷᠤᠤ》 ᠶᠢ ᠵᠢᠷᠤᠭᠯᠠᠭᠴᠢ ᠪᠤᠤ ᠱᠦ ᠭᠤᠸᠠᠩ (ᠰᠠᠴᠤᠷᠠᠬᠤ ) ᠬᠡᠭ᠍ᠴᠢ ᠬᠡᠨ ᠪᠤᠢ﹖

2017-01-13 17:04

    ᠦᠴᠦᠭᠡᠲᠦᠷ ᠪᠤᠶᠤ 1 ᠰᠠᠷ᠎ᠠ ᠶᠢᠨ 12 ᠤᠨ ᠡᠲᠦᠷ ᠰᠢᠨᠬᠤᠸᠠ ᠮᠤᠩᠭ᠋ᠤᠯ ᠨᠧᠲ ᠤᠨ ᠠᠯᠪᠠᠨ ᠸᠢᠴᠠᠲ ᠶᠢᠡᠷᠨᠠᠰᠤᠲᠠᠨ ᠬᠢᠭᠡᠳ ᠲᠤᠭᠤᠷᠤᠤᠵᠢᠷᠤᠭᠴᠢᠯᠠᠭᠰᠠᠨ ᠪᠦᠲᠦᠭᠡᠯ ᠢ ᠰᠠᠴᠤᠵᠤ᠂ ᠦᠷᠭᠡᠨ ᠤᠯᠠᠨ ᠨᠧᠲ ᠠᠰᠢᠭᠯᠠᠭᠴᠢᠳ ᠤᠨ ᠰᠡᠳᠬᠢᠯ ᠤᠨ ᠲᠤᠯᠲᠤ ᠰᠠᠨᠠᠭᠠᠨ ᠤ ᠦᠵᠦᠬᠦᠷ ᠲᠤ ᠬᠦᠷᠴᠦ ᠶᠠᠭᠤ ᠨᠢᠭᠡ ᠶᠢ ᠪᠤᠲᠤᠭᠲᠠᠭᠤᠯᠤᠭᠰᠠᠨ ᠪᠠᠢᠢᠨ᠎ᠠ᠃ ᠢᠩᠬᠢᠭᠰᠡᠨ ᠢᠶᠡᠷ ᠬᠠᠯᠠᠭᠤᠨ ᠰᠡᠳᠬᠢᠯᠲᠦ ᠤᠩᠰᠢᠭᠴᠢᠳ ᠡᠴᠡ ᠬᠠᠯᠠᠮᠰᠢᠯ ᠤᠲᠠᠰᠤ ᠢᠷᠡᠬᠦᠯᠵᠦ ᠡᠨᠡᠬᠦ ᠮᠤᠨᠲᠠᠭ ᠪᠦᠲᠦᠭᠡᠯ ᠢ ᠠᠮᠢᠯᠠᠭᠤᠯᠤᠭᠰᠠᠨ ᠵᠢᠷᠤᠭᠯᠠᠭᠴᠢ ᠶᠢᠨ ᠲᠤᠬᠠᠢ ᠠᠰᠠᠭᠤᠨ ᠰᠤᠷᠠᠭᠰᠠᠨ ᠪᠤᠯᠬᠤᠷ ᠰᠢᠨᠬᠤᠸᠠ ᠮᠤᠩᠭ᠋ᠤᠯ ᠨᠧᠲ ᠦᠨᠦᠲᠦᠷ ᠲᠠ ᠪᠦᠬᠦᠨ ᠳ᠋ᠤ ᠤᠭ ᠪᠦᠲᠦᠭᠡᠯ ᠤᠨ ᠵᠤᠬᠢᠶᠠᠭᠴᠢ ᠪᠤᠶᠤ ᠵᠢᠷᠤᠭᠯᠠᠭᠴᠢ ᠪᠤᠤ ᠱᠦ ᠭᠤᠧᠠᠩ (ᠰᠠᠴᠤᠷᠠᠬᠤ) ᠢ ᠲᠠᠨᠢᠯᠴᠠᠭᠤᠯᠬᠤ ᠶᠢ ᠵᠤᠷᠢᠯ᠎ᠠ᠂ ᠬᠦᠯᠢᠶᠠᠨ ᠠᠪᠤᠮᠤ

    ᠪᠤᠤ ᠱᠦ ᠭᠤᠸᠠᠩ᠂ ᠮᠤᠨᠭᠭᠤᠯ ᠨᠡᠷ᠎ᠡ ᠨᠢ ᠰᠠᠴᠤᠷᠠᠬᠤ᠂ 1974 ᠤᠨ ᠤ 4 ᠰᠠᠷ᠎ᠠ ᠳᠤ ᠦᠪᠦᠷ ᠮᠣᠩᠭᠣᠯ ᠤᠨ ᠲᠦᠩᠯᠢᠶᠤᠤ ᠬᠤᠲᠠ ᠶᠢᠨ ᠵᠠᠷᠤᠳ ᠬᠤᠰᠢᠭᠤᠨ ᠤ ᠪᠠᠶᠠᠷᠲᠤᠬᠤᠰᠢᠭᠤ ᠪᠠᠯᠭᠠᠰᠤᠨ ᠳᠤ ᠲᠦᠷᠦᠵᠡᠢ᠃ ᠲᠡᠷᠡᠪᠡᠷ 1995 ᠤᠨ ᠳᠤ ᠰᠢᠤᠳᠠᠨ ᠬᠤᠯᠪᠤᠭᠠᠨ ᠤ ᠠᠵᠢᠯ ᠳᠤ ᠤᠷᠤᠵᠦ᠂ 2008 ᠤᠨ ᠳᠤ ᠱᠠᠨᠰᠢ ᠮᠤᠵᠢ ᠶᠢᠨ ᠰᠢ ᠠᠨ ᠰᠢᠤᠳᠠᠨ ᠬᠤᠯᠪᠤᠭᠠᠨ ᠤ ᠳᠡᠭᠡᠲᠤ ᠰᠤᠷᠭᠠᠭᠤᠯᠢ ᠡᠴᠡ ᠲᠡᠭᠦᠰᠤᠨ᠂ ᠳᠤᠮᠳᠠᠳᠤ ᠤᠯᠤᠰ ᠤᠨ ᠰᠢᠤᠳᠠᠨ ᠬᠠᠳᠠᠭᠠᠯᠠᠮᠵᠢ ᠶᠢᠨ ᠪᠠᠩᠭᠢ ᠶᠢᠨ ᠦᠪᠦᠷ ᠮᠣᠩᠭᠣᠯ ᠤᠨ ᠬᠤᠤᠯᠢᠩᠭ᠋ᠤᠤᠯ ᠬᠤᠲᠠ ᠳᠡᠬᠢ ᠰᠠᠯᠪᠤᠷᠢ ᠪᠠᠩᠭᠢ ᠳᠤ ᠳᠡᠳ᠋ ᠳᠠᠷᠤᠭ᠎ᠠ ᠶᠢᠨ ᠲᠤᠰᠢᠶᠠᠯ ᠬᠠᠷᠢᠭᠤᠴᠠᠪᠠ᠃ 2011 ᠤᠨ ᠡᠴᠡ ᠬᠡᠷᠡᠯ ᠵᠢᠷᠤᠭ ᠤᠨ ᠮᠡᠷᠭᠡᠵᠢᠯ ᠰᠤᠷᠴᠤ ᠡᠬᠢᠯᠡᠨ᠂ ᠤᠷᠢᠳ ᠬᠤᠵᠢᠳ ᠦᠪᠦᠷ ᠮᠣᠩᠭᠣᠯ ᠤᠨ ᠲᠦᠩᠯᠢᠶᠤᠤ ᠬᠤᠲᠠ ᠶᠢᠨ ᠭᠡᠷᠡᠯ ᠵᠢᠷᠤᠭᠴᠢᠳ ᠤᠨ ᠨᠡᠶᠢᠭᠡᠮᠯᠢᠭ᠌ ᠤᠨ ᠭᠡᠰᠢᠭᠦᠨ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠭᠡᠷᠡᠯ ᠵᠢᠷᠤᠭᠴᠢᠳ ᠤᠨ ᠨᠡᠶᠢᠭᠡᠮᠯᠢᠭ᠌ ᠤᠨ ᠭᠡᠰᠢᠭᠦᠨ᠂ ᠳᠤᠮᠳᠠᠳᠤ ᠤᠯᠤᠰ ᠤᠨ ᠮᠦᠩᠭᠦᠨ ᠭᠦᠢᠯᠭᠡᠭᠡᠨ ᠤ ᠭᠡᠷᠡᠯ ᠵᠢᠷᠤᠭᠴᠢᠳ ᠤᠨ ᠨᠡᠶᠢᠭᠡᠮᠯᠢᠭ᠌ ᠤᠨ ᠭᠡᠰᠢᠭᠦᠨ ᠢᠶᠡᠷ ᠡᠯᠰᠡᠭᠦᠯᠪᠡ᠃ᠠᠲᠤᠭᠤᠴᠢᠨᠦᠨᠳᠦᠷᠯᠢᠭ᠌᠌ ᠤᠨ ᠰᠦᠨᠡᠰᠦᠠᠭᠤᠯᠠᠷᠬᠠᠭ ᠭᠠᠵᠠᠷ ᠤᠨ ᠤᠶᠠᠩᠭ᠎ᠠᠬᠠᠪᠤᠷ ᠢ ᠵᠤᠷᠢᠨ ᠨᠢᠰᠦᠨᠡᠮᠦᠯᠵᠡᠢᠢᠲᠦ ᠲᠠᠯ᠎ᠠ ᠨᠤᠲᠤᠭᠤᠪᠤᠭ᠎ᠠ ᠲᠠᠬᠢᠨᠠᠮᠠᠲᠤᠭᠤ ᠲᠠᠮᠠᠭᠠᠯᠠᠬᠤᠢᠵᠡᠷᠭᠡ ᠪᠦᠲᠦᠭᠡᠯ ᠤᠳ ᠨᠢ ᠤᠯᠤᠰ ᠤᠨ ᠲᠤᠳᠤᠭᠠᠳᠤ ᠭᠠᠳᠠᠭᠠᠳᠤ ᠶᠢᠨ ᠭᠡᠷᠡᠯ ᠵᠢᠷᠤᠬ ᠤᠨ ᠤᠷᠤᠯᠳᠤᠭᠠᠨ ᠢᠶᠡᠷ ᠱᠠᠩᠨᠠᠯ ᠬᠦᠷᠲᠡᠵᠦ ᠠᠶᠢᠮᠠᠭ᠂ ᠤᠷᠤᠨ ᠪᠠ ᠤᠯᠤᠰ ᠤᠨ ᠵᠡᠷᠭᠡᠯᠡᠯ ᠤᠨ ᠰᠤᠨᠢᠨ ᠰᠡᠳᠬᠦᠯ ᠢᠶᠡᠷ ᠤᠯᠠᠨᠲᠠ ᠨᠠᠶᠢᠲᠠᠯᠠᠭ᠍ᠳᠠᠵᠡᠢ᠃

    ᠲᠡᠷᠡᠪᠡᠷ 2015 ᠤᠨ ᠤ 9 ᠰᠠᠷ᠎ᠠ ᠳ᠋ᠤ ᠠᠷᠪᠠᠨ ᠲᠠᠪᠤᠲᠤᠭᠠᠷ ᠬᠤᠭᠤᠴᠠᠭᠠᠨ ᠤ ᠲᠤᠮᠲᠠᠲᠤ ᠤᠯᠤᠰ ᠤᠨ ᠫᠢᠩᠶᠤᠤ ᠶᠢᠨ ᠤᠯᠠᠨ ᠤᠯᠤᠰ ᠤᠨ ᠭᠡᠷᠡᠯ ᠵᠢᠷᠤᠭ ᠤᠨ ᠪᠦᠲᠦᠭᠡᠯ ᠤᠨ ᠤᠷᠤᠯᠲᠤᠭᠠᠨ ᠤ ᠰᠢᠯᠢᠲᠡᠭ ᠭᠡᠷᠡᠯ ᠵᠢᠷᠤᠭᠴᠢᠨ᠂ 2015 ᠤᠨ ᠤ 12 ᠰᠠᠷ᠎ᠠ ᠳᠤ ᠳᠤᠮᠳᠠᠳᠤ ᠤᠯᠤᠰ ᠤᠨ ᠮᠦᠩᠭᠦᠨ ᠭᠦᠢᠯᠭᠡᠭᠡᠨ ᠤ ᠭᠡᠷᠡᠯ ᠵᠢᠷᠤᠭᠴᠢᠳ ᠤᠨ ᠨᠡᠶᠢᠭᠡᠮᠯᠢᠭ᠌ ᠤᠨ ᠭᠤᠷᠪᠠᠳᠤᠭᠠᠷ ᠬᠤᠭᠤᠴᠠᠭᠠᠨ ᠤᠰᠢᠤᠳᠠᠨ ᠬᠠᠳᠠᠭᠠᠯᠠᠮᠵᠢ ᠶᠢᠨ ᠪᠠᠩᠭᠢ ᠴᠤᠮᠤᠤᠯᠤᠰ ᠳᠠᠶᠠᠭᠠᠷ ᠤᠨ ᠭᠡᠷᠡᠯ ᠵᠢᠷᠤᠭ ᠤᠨ ᠦᠵᠡᠰᠭᠦᠯᠡᠩ ᠤᠨ ᠠᠯᠲᠠᠨ ᠮᠧᠳᠠᠯ᠂ 2016 ᠤᠨ ᠤ 6 ᠰᠠᠷ᠎ᠠ ᠳᠤ ᠠᠷᠪᠠᠨ ᠨᠢᠭᠡᠳᠦᠭᠡᠷ ᠬᠤᠭᠤᠴᠠᠭᠠᠨ ᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠤᠷᠠᠯᠢᠭ ᠤᠨ ᠬᠠᠮᠤᠭ ᠤᠨ ᠦᠨᠳᠦᠷᠰᠠᠷᠠᠨ᠎ᠠᠱᠠᠩᠨᠠᠯ᠂ 2016 ᠤᠨ ᠤ 9 ᠰᠠᠷ᠎᠎ᠠ ᠳᠤ ᠳᠦᠷᠪᠡᠳᠦᠭᠡᠷ ᠬᠤᠭᠤᠴᠠᠭᠠᠨ ᠤ ᠳᠤᠮᠳᠠᠳᠤ ᠶᠢᠨ ᠤᠷᠠᠯᠢᠭᠠᠯᠲᠠᠨ ᠬᠦᠯᠦᠭᠱᠠᠩᠨᠠᠯ ᠵᠡᠷᠭᠡ ᠲᠤᠮᠤ ᠲᠤᠮᠤ ᠱᠠᠨᠭᠨᠠᠯ ᠮᠧᠳᠠᠯ ᠢ ᠲᠤᠰᠴᠤ ᠶᠠᠪᠤᠵᠠᠢ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120791120307296