ᠨᠡᠷᠡᠳᠦ ᠵᠤᠬᠢᠶᠠᠯᠴᠢ ᠪ • ᠵᠤᠷᠢᠭᠳᠤ ᠶᠢᠨ ᠲᠤᠰᠬᠠᠢ ᠰᠤᠷᠪᠤᠯᠵᠢᠯᠠᠭ᠎ᠠ (ᠲᠡᠭᠡᠳᠤ ᠠᠩᠬᠢ) 2017-02-15 16:50

ᠬᠠᠷ᠎ᠠ ᠬᠦᠷᠦᠰᠦᠨ ᠡᠴᠡ ᠤᠷᠭᠤᠭᠰᠠᠨ ᠬᠤᠷᠴᠠ ᠰᠡᠷᠡᠯ ᠬᠤᠷᠴᠢᠨ ᠠᠮᠢᠳᠤᠷᠠᠯ ᠢ ᠵᠢᠷᠤᠭᠯᠠᠭᠰᠠᠨ ᠨᠠᠷᠢᠨ ᠲᠦᠷᠰᠦᠯᠡᠯ

    ᠤᠷᠠᠨ ᠵᠤᠬᠢᠶᠠᠯ ᠳᠤᠭᠤᠷᠪᠢᠬᠤ ᠶᠢ ᠵᠤᠪᠠᠯᠠᠩ ᠲᠠᠢ ᠵᠢᠷᠭᠠᠯ ᠬᠡᠮᠡᠨ ᠦᠵᠡᠵᠤ᠂ ᠮᠦᠨ ᠡᠨᠡᠬᠦ ᠦᠢᠯᠡᠰ ᠤᠨ ᠢᠶᠡᠨ ᠲᠦᠯᠦᠬᠡ ᠴᠦᠬᠦᠷᠡᠰᠢ ᠦᠭᠡᠢ ᠵᠢᠳᠬᠦᠭᠰᠡᠨ ᠪ•ᠵᠤᠷᠢᠭᠳᠤ ᠭᠤᠴᠢᠭᠠᠳ ᠵᠢᠯ ᠤᠨ ᠲᠤᠷᠰᠢ ᠤᠯᠠᠨ ᠵᠤᠬᠢᠶᠠᠯ ᠪᠦᠲᠦᠭᠡᠯ ᠳᠤᠭᠤᠷᠪᠢᠵᠤ᠂ ᠤᠯᠠᠨ ᠱᠠᠩᠨᠠᠯ ᠬᠦᠬᠢᠬᠦᠯᠦᠯ ᠬᠦᠷᠳᠡᠵᠤ ᠶᠠᠪᠤᠵᠠᠢ᠃ ᠬᠡᠬᠦ ᠳᠡᠬᠡᠨ ᠤᠩᠰᠢᠭᠴᠢ ᠪᠤᠯ ᠰᠠᠶ᠊ᠢ ᠦᠪᠡᠷ ᠲᠤ ᠨᠢ ᠦᠭᠬᠦᠭᠰᠡᠨ ᠬᠠᠮᠤᠭ ᠤᠨ ᠲᠤᠮᠤ ᠱᠠᠩᠨᠠᠯ ᠬᠡᠵᠤ ᠲᠡᠷᠡ ᠪᠤᠳᠤᠳᠠᠭ᠃

    ᠪ• ᠵᠤᠷᠢᠭᠳᠤ᠂ 1958 ᠤᠨ ‍ᠤ 2 ᠰᠠᠷ᠎ᠠ ᠳᠤ ᠣᠤᠯ ‍ᠤᠨ ᠵᠢᠷᠢᠮ ᠠᠶᠢᠮᠠᠭ ‍ᠤᠨ ᠳᠠᠷᠬᠠᠨ ᠬᠣᠰᠢᠭᠤᠨ ‍ᠤ ᠬᠠᠯᠵᠠᠨ ᠰᠤᠮᠤ ᠶᠢᠨ ᠬᠠᠪᠳᠠᠭᠠᠢ ᠭᠠᠴᠠᠭ᠎ᠠ ᠳᠤ ᠲᠦᠷᠦᠵᠡᠢ᠃ ᠤᠳᠤ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠫᠷᠤᠹᠧᠰᠰᠤᠷ᠂ ᠦᠪᠦᠷ ᠮᠤᠩᠭᠤᠯ ‍ᠤᠨ ᠦᠨᠳᠦᠰᠦᠳᠡᠨ ‍ᠤ ᠶᠡᠬᠡ ᠰᠤᠷᠭᠠᠭᠤᠯᠢ ᠶ᠋ᠢᠨ ᠮᠤᠩᠭᠤᠯ ᠰᠤᠳᠤᠯᠤᠯ ᠤᠨ ᠳᠡᠭᠡᠳᠦ ᠰᠤᠷᠭᠠᠭᠤᠯᠢ ᠶ᠋ᠢᠨ ᠤᠳᠬ᠎ᠠ ᠤᠷᠠᠯᠢᠭ ᠵᠢᠭᠠᠨ ᠰᠤᠳᠤᠯᠬᠤ ᠳᠠᠰᠤᠭ ‍ᠤᠨ ᠡᠷᠬᠢᠯᠡᠭᠴᠢ ᠪᠡᠷ ᠠᠵᠢᠯᠯᠠᠵᠤ ᠪᠤᠢ᠃ ᠳᠡᠬᠦᠨ ᠤ ᠳᠤᠭᠤᠷᠪᠢᠭᠰᠠᠨ《ᠨᠠᠷᠠᠨ ᠤ ᠨᠤᠳᠤᠭ》ᠬᠡᠮᠡᠬᠦ ᠵᠤᠬᠢᠶᠠᠯ ᠨᠢ ᠦᠪᠦᠷ ᠮᠤᠩᠭᠤᠯ ᠤᠨ ᠭᠤᠷᠪᠠᠳᠤᠭᠠᠷ ᠬᠤᠭᠤᠴᠠᠭᠠᠨ ᠤ《ᠰᠤᠯᠤᠩᠭ᠎ᠠ ᠱᠠᠩᠨᠠᠯ》 ᠪᠤᠯᠤᠨ ᠬᠤᠶᠠᠳᠤᠭᠠᠷ ᠬᠤᠭᠤᠴᠠᠭᠠᠨ ᠤ ᠬᠤᠷᠴᠢᠨ ᠤᠳᠬ᠎ᠠ ᠤᠷᠠᠯᠢᠭ ᠤᠨ ᠵᠤᠬᠢᠶᠠᠨ ᠪᠦᠳᠦᠬᠡᠯᠬᠡ ᠶᠢᠨ ᠱᠠᠩᠨᠠᠯ ᠢᠶᠡᠷ ᠮᠢᠯᠢᠶᠠᠯᠭᠠᠵᠠᠢ᠃

ᠢᠷᠡᠯᠳᠡ᠄ ᠬᠤᠷᠴᠢᠨ ᠵᠡᠬᠦᠨ ᠭᠠᠷᠤᠨ ᠲᠤᠮᠳᠠᠳᠤ ᠬᠤᠰᠢᠭᠤᠨ ᠤ ᠰᠤᠶᠤᠯ ᠷᠠᠳᠢᠣ᠋ ᠺᠢᠨᠣ᠋ ᠲᠧᠯᠧᠶ᠋ᠰ ᠲᠤᠪᠴᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
010070230030000000000000011120691120472751