蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠠᠷᠠᠳ ᠡᠴᠡ ᠡᠷᠬᠢᠯᠡᠭᠰᠡᠨ ᠠᠰᠠᠭᠤᠲᠠᠯ ᠲᠠᠢ ᠭᠤᠷᠪᠠᠨ ᠡᠮᠨᠡᠯᠭᠡ ᠶᠢ ᠴᠡᠭᠴᠡᠯᠡᠨ ᠵᠠᠰᠠᠵᠤ ᠪᠤᠢ

2016-03-28 10:00

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 3 ᠰᠠᠷ᠎ᠠ ᠶᠢᠨ 28 ᠤ ᠡᠲᠦᠷ ᠤᠨ ᠴᠠᠬᠢᠯᠭᠠ ᠮᠡᠳᠡᠭᠡ ( ᠬ·ᠦᠵᠡᠰᠭᠦᠯᠡᠩ )3 ᠰᠠᠷ᠎ᠠ ᠶᠢᠨ ᠲᠤᠮᠲᠠᠴᠢ ᠪᠡᠷ᠂ 《 ᠬᠦᠬᠡᠬᠤᠲᠠ ᠶᠢᠨ ᠡᠮᠴᠢ ᠮᠡᠰᠡ ᠵᠠᠰᠠᠯ ᠤᠨ ᠦᠷᠦᠭᠡᠨ ᠳ᠋ᠤ ᠪᠠᠨ ᠡᠪᠡᠳᠴᠢᠲᠠᠨ ᠢ ᠵᠤᠲᠤᠭᠰᠠᠨ》 ᠸᠢᠳᠢᠤ᠋ ᠢᠨᠲ᠋ᠸᠷᠨ᠋ᠸᠲ ᠶᠢᠡᠷ ᠶᠡᠬᠡ ᠯᠡ ᠰᠠᠴᠤᠭᠲᠠᠵᠤ᠂ ᠤᠯᠠᠨ ᠤ ᠠᠩᠬᠠᠷᠤᠯ ᠳ᠋ᠤ ᠬᠦᠷᠴᠦ᠂ ᠨᠢᠭᠡ ᠦᠶ᠎ᠠ ᠶᠠᠷᠢᠶ᠎ᠠ ᠬᠡᠯᠡᠯᠴᠡᠭᠡ ᠪᠤᠯᠪᠠ᠃

    ᠤᠢᠢᠷ᠎ᠠ ᠳ᠋ᠤ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠦᠬᠡᠬᠤᠲᠠ ᠰᠤᠨᠢᠨ ᠮᠡᠳᠡᠭᠡ ᠨᠡᠢᠢᠲᠡᠯᠡᠬᠦ ᠬᠤᠷᠠᠯ ᠬᠤᠷᠠᠯᠲᠤᠭᠤᠯᠵᠤ᠂ ᠠᠷᠠᠳ ᠡᠴᠡ ᠡᠷᠬᠢᠯᠡᠭᠰᠡᠨ ᠡᠮᠨᠡᠯᠭᠡ ᠶᠢᠨ ᠡᠮᠴᠢ ᠡᠪᠡᠳᠴᠢᠲᠠᠨ ᠢ ᠵᠤᠲᠤᠭᠰᠠᠨ ᠠᠵᠢᠯᠯᠠᠭ᠎ᠠ ᠶᠢ ᠪᠠᠢᠢᠴᠠᠭᠠᠨ ᠰᠢᠢᠳᠭᠡᠭ᠍ᠰᠡᠨ ᠳ᠋ᠦᠩ ᠢ ᠨᠡᠢᠢᠲᠡᠯᠡᠪᠡ᠃

    ᠬᠦᠬᠡᠬᠤᠲᠠ ᠶᠢᠨ ᠫᠢᠩ ᠠᠨ ᠡᠮᠨᠡᠯᠭᠡ᠂ ᠹᠦ᠋ ᠰᠢᠩ ᠡᠮᠨᠡᠯᠭᠡ᠂ ᠳ᠋ᠦ᠋ ᠱᠢ ᠯᠢ ᠿᠧᠡ ᠡᠮᠨᠡᠯᠭᠡ ᠳ᠋ᠤ ᠲᠤᠷᠭᠠᠭᠤᠯᠢ ᠰᠢᠢᠳᠭᠡᠯ ᠦᠭ᠍ᠪᠡ᠂ ᠡᠨᠡ ᠭᠤᠷᠪᠠᠨ ᠡᠮᠨᠡᠯᠭᠡ ᠮᠡᠰᠡ ᠵᠠᠰᠠᠯ ᠬᠢᠬᠦ ᠶᠠᠪᠤᠴᠠ ᠳ᠋ᠤ ᠪᠠᠨ ᠦᠨ᠎ᠡ ᠪᠠᠨ ᠨᠡᠮᠡᠵᠦ᠂ ᠮᠡᠰᠡ ᠵᠠᠰᠠᠯ ᠤᠨ ᠦᠷᠦᠭᠡᠨ ᠳ᠋ᠤ ᠪᠠᠨ ᠡᠪᠡᠳᠴᠢᠲᠠᠨ ᠢ ᠬᠠᠷᠢᠶᠠᠵᠤ ᠵᠠᠩᠨᠠᠭᠰᠠᠨ᠂ ᠵᠤᠲᠤᠭᠰᠠᠨ ᠠᠵᠢᠯᠯᠠᠭ᠎ᠠ ᠪᠤᠯᠤᠭᠰᠠᠨ ᠢ ᠢᠯᠡᠴᠢᠯᠡᠪᠡ᠃

    ᠤᠲᠤᠬᠠᠨ ᠳ᠋ᠤ ᠬᠡᠷᠡᠭ ᠲᠤ ᠬᠤᠯᠪᠤᠭᠲᠠᠭᠰᠠᠨ ᠬᠦᠬᠡᠬᠤᠲᠠ ᠶᠢᠨ ᠳ᠋ᠦ᠋ ᠱᠢ ᠯᠢ ᠿᠧᠡ ᠡᠮᠨᠡᠯᠭᠡ ᠶᠢᠨ ᠠᠵᠢᠯ ᠢ ᠵᠤᠭᠰᠤᠭᠠᠨ᠂ ᠴᠡᠭᠴᠡᠯᠡᠨ ᠵᠠᠰᠠᠵᠤ᠂ ᠡᠪᠡᠳᠴᠢᠲᠠᠨ ᠢ ᠵᠤᠲᠤᠭᠰᠠᠨ ᠵᠤᠤ ᠤᠪᠤᠭᠲᠤ ᠡᠮᠴᠢ ᠶᠢᠨ ᠬᠠᠭᠤᠷᠮᠠᠭ ᠦᠨᠡᠮᠯᠡᠯ ᠵᠤᠬᠢᠶᠠᠵᠤ᠂ ᠬᠠᠦᠯᠢ ᠪᠤᠰᠤ ᠡᠮᠴᠢᠯᠡᠭᠡ ᠬᠢᠭ᠍ᠰᠡᠨ ᠬᠡᠷᠡᠭ ᠢ ᠲᠤᠲᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠶᠠᠭ ᠪᠠᠢᠢᠴᠠᠭᠠᠵᠤ ᠪᠤᠢ᠃ ᠬᠦᠬᠡᠬᠤᠲᠠ ᠶᠢᠨ ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠤᠨ ᠺᠤᠮᠢᠰ ᠡᠴᠡ ᠪᠦᠬᠦ ᠬᠤᠲᠠ ᠶᠢᠨ ᠬᠡᠪᠴᠢᠶᠠᠨ ᠤ ᠠᠷᠠᠳ ᠡᠴᠡ ᠡᠷᠬᠢᠯᠡᠭᠰᠡᠨ ᠡᠮᠨᠡᠯᠭᠡ ᠳ᠋ᠤ ᠪᠠᠢᠢᠴᠠᠭᠠᠯᠲᠠ᠂ ᠴᠡᠭᠴᠡᠯᠡᠨ ᠵᠠᠰᠠᠯᠲᠠ ᠬᠢᠵᠦ ᠪᠤᠢ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120791118459670