蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠵᠡᠭᠦᠨ ᠠᠭᠤᠯᠵᠠᠷ ᠲᠥᠪ ᠮᠠᠰᠢᠨ ᠲᠡᠷᠭᠡᠨ ᠤ ᠦᠷᠲᠡᠭᠡ 5 ᠰᠠᠷ᠎ᠡ ᠳᠤ ᠠᠰᠢᠬᠯᠠᠯᠲᠠ ᠳᠤ ᠤᠷᠤᠬᠤ ᠪᠡᠷ ᠪᠤᠢ

2016-04-19 09:58

    ᠰᠤᠷᠪᠤᠯᠵᠢᠯᠠᠬᠴᠢ ᠤᠶᠢᠷ᠎ᠠ ᠳᠤ ᠬᠦᠬᠡᠬᠤᠲᠠ ᠶᠢᠨ ᠬᠤᠲᠠ ᠶᠢᠨ ᠬᠦᠭ᠍ᠵᠢᠯᠲᠡ  ᠶᠢᠨ ᠬᠦᠷᠦᠩᠭᠡ ᠤᠷᠤᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠡᠴᠡ ᠤᠶᠢᠯᠠᠭᠠᠬᠰᠠᠨ ᠢᠶᠡᠷ᠂ ᠲᠤᠰ ᠺᠤᠮᠫᠠᠨᠢ 6.8 ᠳ᠋ᠦ᠋ᠩᠰᠢᠭᠤᠷ ᠲᠦᠭᠦᠷᠢᠭ᠌ ᠤᠨ ᠬᠦᠷᠦᠩᠭᠡ ᠤᠷᠤᠭᠤᠯᠵᠦ ᠪᠠᠶᠢᠭᠤᠯᠤᠬᠰᠠᠨ ᠬᠦᠬᠡᠬᠤᠲᠠ ᠶᠢᠨ ᠵᠡᠭᠦᠨ ᠠᠭᠤᠯᠵᠠᠷ ᠲᠥᠪ ᠠᠶᠠᠨᠴᠢᠳ ᠤᠨ ᠮᠠᠰᠢᠨ ᠲᠡᠷᠭᠡᠨ ᠤ ᠦᠷᠲᠡᠭᠡ ᠶᠢᠨ ᠵᠠᠰᠠᠵᠦ ᠴᠢᠮᠡᠬᠦ ᠠᠵᠢᠯ ᠶᠡᠷᠦᠩᠬᠡᠢ ᠳᠡᠭᠡᠨ ᠳᠠᠭᠤᠰᠴᠦ᠂ 5 ᠰᠠᠷ᠎ᠠ ᠳᠤ ᠠᠰᠢᠬᠯᠠᠯᠲᠠ ᠳᠤ ᠤᠷᠤᠭᠤᠯᠬᠤ ᠪᠡᠷ ᠲᠦᠯᠦᠪᠯᠡᠵᠦ ᠪᠤᠢ᠃

    ᠬᠦᠬᠡᠬᠤᠲᠠ ᠶᠢᠨ ᠵᠡᠬᠦᠨ ᠠᠭᠤᠯᠵᠠᠷ ᠲᠥᠪ ᠠᠶᠠᠨᠴᠢᠳ ᠤᠨ ᠮᠠᠰᠢᠨ ᠲᠡᠷᠭᠡᠨ ᠤ ᠦᠷᠲᠡᠭᠡ ᠪᠤᠯ ᠤᠯᠤᠰ ᠤᠨ ᠨᠢᠭᠡᠳᠦᠭᠡᠷ ᠳᠡᠰ ᠤᠨ ᠠᠶᠠᠨᠴᠢᠳ ᠤᠨ ᠮᠠᠰᠢᠨ ᠲᠡᠷᠭᠡᠨ ᠤ ᠠᠭᠤᠯᠵᠠᠷ ᠲᠦᠪ ᠃ ᠲᠡᠭᠡᠭᠡᠪᠦᠷᠢᠯᠡᠬᠦ ᠦᠢᠯᠡᠴᠢᠯᠡᠭᠡ᠂ ᠵᠦᠭᠡᠭᠡᠪᠦᠷᠢᠯᠡᠬᠦ ᠦᠢᠯᠡᠰ᠂ ᠴᠢᠮᠡᠭᠡ ᠬᠤᠯᠪᠤᠭ᠎ᠠ᠂ ᠰᠡᠯᠪᠢᠨ ᠵᠠᠰᠠᠬᠤ ᠂ ᠬᠠᠪᠰᠤᠷᠠᠮᠵᠢ ᠦᠢᠯᠡᠴᠢᠯᠡᠭᠡ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠲᠠᠢ ᠪᠡᠷ ᠪᠠᠷᠠᠬᠤ ᠦᠭᠡᠢ ᠪᠠᠰᠠ ᠨᠡᠶᠢᠭᠡᠮ ᠳᠤ ᠬᠠᠨᠳᠤᠭᠤᠯᠤᠬᠰᠠᠨ ᠬᠤᠭᠤᠯᠠᠨ ᠳᠤ ᠤᠷᠤᠬᠤ᠂ ᠵᠤᠷᠴᠢᠬᠤ᠂ ᠰᠡᠯᠡᠭᠦᠴᠡᠬᠦ᠂ ᠠᠷᠠᠯᠵᠢᠶ᠎ᠠ ᠬᠤᠳᠠᠯᠳᠤᠭ᠎ᠠ᠂ ᠮᠡᠳᠡᠭᠡ ᠵᠠᠩᠬᠢ ᠵᠡᠷᠭᠡ ᠤᠯᠠᠨ ᠴᠢᠳᠠᠪᠬᠢ ᠵᠢ ᠨᠢᠭᠡᠳᠬᠡᠭ᠍ᠰᠡᠨ ᠪᠦᠷᠢᠨ ᠲᠦᠬᠦᠷ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰ᠋ᠲ᠋ᠧᠮ ᠲᠠᠢ᠃

    ᠲᠤᠰ ᠦᠷᠲᠡᠭᠡ ᠨᠢ ᠬᠦᠬᠡᠬᠤᠲᠠ ᠶᠢᠨ ᠵᠡᠭᠦᠨ ᠬᠤᠶᠢᠲᠤ ᠬᠡᠰᠡᠭ ᠤᠨ ᠰᠢᠨ᠎ᠡ ᠬᠤᠲᠠ ᠲᠤᠭᠤᠷᠢᠬ ᠤᠨ ᠨᠠᠨ ᠳ᠋ᠢᠶᠠᠨ ᠲᠤᠰᠬᠤᠨ ᠳᠤ ᠪᠠᠶᠢᠷᠢᠯᠠᠵᠦ᠂ ᠡᠮᠦᠨᠡᠭᠦᠷ ᠢᠶᠡᠨ ᠬᠦᠬᠡᠬᠤᠲᠠ ᠶᠢᠨ ᠭᠠᠯ ᠲᠡᠷᠭᠡᠨ ᠦᠷᠲᠡᠭᠡ᠂ ᠬᠤᠶᠢᠭᠤᠷ ᠢᠶᠡᠡ ᠲᠡᠷᠭᠡᠨ ᠦᠷᠲᠡᠭᠡᠨ ᠤ ᠬᠤᠶᠢᠲᠤ ᠵᠡᠭᠡᠯᠢ᠂ ᠪᠠᠷᠠᠭᠤᠨ ᠲᠠᠯ᠎ᠠ ᠪᠡᠷ ᠢᠶᠡᠨ ᠸᠠᠨ ᠲᠦ᠋ᠩ ᠵᠠᠮ ᠲᠠᠢ ᠲᠤᠰ ᠲᠤᠰ ᠬᠦᠷᠰᠢᠯᠡᠵᠦ᠂ ᠵᠢᠩ ᠽᠠᠩ ᠲᠦᠷᠭᠡᠨ ᠤ ᠵᠠᠮ᠂ ᠤᠯᠤᠰ ᠤᠨ 110 ᠱᠤᠭᠤᠮ᠂ ᠨᠢᠰᠬᠦ ᠤᠨᠭᠭᠤᠴᠠᠨ ᠤ ᠪᠠᠭᠤᠳᠠᠯ ᠤᠨ ᠲᠦᠷᠭᠡᠨ ᠤ ᠵᠠᠮ ᠲᠠᠢ ᠰᠢᠭᠤᠳ ᠨᠡᠪᠲᠡᠷᠡᠳᠡᠭ ᠢᠶᠡᠷ  ᠢᠶᠡᠨ᠂ ᠵᠠᠮ ᠬᠠᠷᠢᠯᠴᠠᠭ᠎ᠠ ᠮᠠᠰᠢ ᠳᠦᠭᠦᠮ ᠲᠦᠳᠡ ᠪᠤᠯᠤᠨ᠎ᠠ᠃

ᠢᠷᠡᠯᠳᠡ᠄ ᠤᠮᠠᠷᠠᠲᠤ ᠶᠢᠨ ᠰᠢᠨ᠎ᠡ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011100001118664646