蒙古文网站Logo
ᠰᠢᠨᠬᠤᠸᠠ ᠮᠤᠩᠭ᠋ᠤᠯ ᠨᠧᠲ

ᠲᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠳᠤᠷ ᠦᠪᠦᠷ ᠮᠤᠩᠭ᠋ᠤᠯ ᠤᠨ 51 ᠦᠵᠡᠮᠵᠢ ᠶᠢᠨ ᠤᠷᠤᠨ ᠳᠤ ᠲᠦᠯᠤᠪᠦᠷᠢ ᠦᠭᠡᠢ ᠵᠢᠭᠤᠯᠴᠢᠯᠠᠵᠤ ᠪᠤᠯᠤᠨ᠎ᠠ

2016-05-06 12:12

    5 ᠰᠠᠷ᠎ᠠ ᠶᠢᠨ 19 ᠤ ᠡᠳᠤᠷ ᠪᠤᠯ ᠲᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠳᠤᠷ᠂ ᠦᠪᠦᠷ ᠮᠤᠩᠭ᠋ᠤᠯ ᠳᠤ 《 ᠠᠶᠠᠯᠠᠯ ᠵᠢᠭᠤᠯᠴᠢᠯᠠᠯ ᠤᠨ ᠬᠦᠭ᠍ᠵᠢᠯᠲᠡ ᠶᠢ ᠠᠬᠢᠭᠤᠯᠬᠤ᠂ ᠠᠶᠠᠯᠠᠯ ᠵᠢᠭᠤᠯᠴᠢᠯᠠᠯ ᠢᠶᠡᠷ ᠶᠠᠳᠠᠭᠤ ᠶᠢ ᠲᠡᠳᠬᠦᠬᠦ᠂ ᠠᠶᠠᠯᠠᠯ ᠵᠢᠭᠤᠯᠴᠢᠯᠠᠯ ᠢᠶᠡᠷ ᠡᠩᠬᠡ ᠲᠠᠶᠢᠪᠤᠩ ᠢ ᠠᠬᠢᠭᠤᠯᠬᠤ》 ᠭᠤᠤᠯ ᠰᠡᠳᠤᠪᠳᠤ ᠠᠵᠢᠯᠯᠠᠭ᠎ᠠ 5 ᠰᠠᠷ᠎ ᠠ ᠶᠢᠨ 21 ᠤ ᠡᠳᠤᠷ ᠤᠯᠠᠭᠠᠨᠬᠠᠳᠠ ᠶᠢᠨ ᠤᠯᠠᠨ ᠤᠯᠤᠰ ᠤᠨ ᠦᠵᠡᠰᠬᠦᠯᠡᠩ ᠤᠨ ᠲᠦᠪ ᠲᠠᠯᠠᠪᠠᠢ ᠳᠤ ᠶᠠᠪᠤᠭᠳᠠᠬᠤ ᠪᠤᠯᠤᠨ᠎ᠠ᠃ ᠲᠤᠬᠠᠢ ᠶᠢᠨ ᠴᠠᠭ ᠲᠤ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠯ᠎ᠡ ᠠᠶᠢᠮᠠᠭ ᠬᠤᠳᠠ ᠶᠢᠨ ᠠᠶᠠᠯᠠᠯ ᠵᠢᠭᠤᠯᠴᠢᠯᠠᠯ ᠤᠨ ᠦᠵᠡᠮᠵᠢ ᠶᠢᠨ ᠴᠢᠬ 5 ᠰᠠᠷ᠎ᠠ ᠶᠢᠨ 19 ᠤ ᠡᠳᠤᠷ ᠠᠷᠠᠳ ᠲᠤ ᠠᠰᠢᠭ ᠲᠠᠢ ᠠᠯᠢ ᠤᠯᠠᠨ ᠠᠷᠭ᠎ᠠ ᠠᠪᠴᠢᠯ ᠲᠤᠬᠢᠷᠠᠭᠤᠯᠵᠠᠢ᠃ ᠪᠢᠯᠧᠲ ᠢᠶᠡᠨ ᠲᠠᠷᠬᠠᠭᠠᠬᠤ ᠪᠤᠶᠤ ᠬᠦᠷᠬᠡᠬᠦ᠂ ᠪᠢᠯᠧᠲ ᠪᠠ ᠪᠠᠭᠤᠳᠠᠯ ᠤᠨ ᠨᠤᠭᠤᠯᠤᠭ᠎ᠠ ᠲᠦᠯᠤᠪᠦᠷᠢ ᠶᠢᠨ ᠠᠵᠢᠯᠯᠠᠭ᠎ᠠ ᠦᠷᠨᠢᠬᠦᠯᠤᠨ᠎ᠠ᠃

    ᠤᠶᠢᠯᠠᠭᠠᠭᠰᠠᠨ ᠢᠶᠡᠷ᠂ 《ᠲᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠳᠤᠷ》 ᠤᠨ ᠬᠤᠭᠤᠴᠠᠭᠠᠨ ᠳᠤ ᠦᠪᠦᠷ ᠮᠤᠩᠭ᠋ᠤᠯ ᠤᠨ 146 ᠠᠶᠠᠯᠠᠯ ᠵᠢᠭᠤᠯᠴᠢᠯᠠᠯ ᠤᠨ ᠦᠵᠡᠮᠵᠢ ᠶᠢᠨ ᠤᠷᠤᠨ ᠲᠤᠰ ᠠᠵᠢᠯᠯᠠᠭ᠎ᠠ ᠳᠤ ᠤᠷᠤᠯᠴᠠᠬᠤ ᠪᠦᠭᠡᠳ 51ᠦᠵᠡᠮᠵᠢ ᠶᠢᠨ ᠤᠷᠤᠨ ᠲᠦᠯᠦᠪᠦᠷᠢ ᠠᠪᠬᠤ ᠦᠭᠡᠢ᠂ 59 ᠦᠵᠡᠮᠵᠢ ᠶᠢᠨ ᠤᠷᠤᠨ ᠪᠢᠯᠧᠲ ᠢᠶᠡᠨ ᠬᠢᠮᠳᠠᠷᠠᠭᠤᠯᠵᠤ᠂ 36 ᠦᠵᠡᠮᠵᠢ ᠶᠢᠨ ᠤᠷᠤᠨ ᠪᠢᠯᠧᠲ ᠲᠠᠷᠬᠠᠭᠠᠨᠨ᠎ᠠ᠃

    《ᠲᠤᠮᠳᠠᠳᠤ ᠤᠯᠤᠰ ᠤᠨ ᠠᠶᠠᠯᠠᠯ ᠵᠢᠭᠤᠯᠴᠢᠯᠠᠯ ᠤᠨ ᠡᠳᠤᠷ》ᠠᠵᠢᠯᠯᠠᠭᠠᠨ ᠳᠤ ᠤᠷᠤᠯᠴᠠᠭᠰᠠᠨ ᠦᠪᠦᠷ ᠮᠤᠩᠭ᠋ᠤᠯ ᠤᠨ ᠵᠠᠷᠢᠮ ᠠᠶᠢᠮᠠᠭ ᠬᠤᠳᠠ ᠶᠢᠨ ᠦᠵᠡᠮᠵᠢ ᠶᠢᠨ ᠤᠷᠤᠨ ᠢ ᠲᠤᠤᠷᠠᠬᠢ ᠨᠧᠲ ᠡᠴᠡ ᠯᠠᠪᠯᠠᠭᠠᠷᠠᠢ!

http://www.nmg.xinhuanet.com/xwzx/2016-05/06/c_1118814394.htm 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691118817278