蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ᠄ 《ᠭᠤᠷᠪᠠ ᠶᠢ ᠲᠡᠮᠵᠢᠵᠤ ᠨᠢᠭᠡ ᠶᠢ ᠲᠡᠳᠬᠦᠬᠦ》 ᠠᠵᠢᠯ ᠤᠨ ᠪᠠᠶᠢᠷᠢᠨ ᠳᠤ 2500 ᠲᠡᠭᠦᠰᠦᠭᠰᠡᠳ ᠢ ᠡᠯᠰᠡᠨ᠎ᠡ

2016-06-29 21:04

    ᠥᠪᠥᠷ ᠮᠣᠩᠭ᠋ᠤᠯ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠠᠵᠢᠯ ᠤᠨ ᠪᠠᠶᠢᠷᠢᠨ ᠳᠤ 2500 ᠨᠡᠷ᠎ᠡ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ᠎ᠠ᠃ ᠰᠢᠶᠠᠩ ᠪᠠᠯᠭᠠᠰᠤᠨ(ᠰᠤᠮᠤ) ᠳᠤ ᠬᠦᠷᠴᠦ ᠰᠤᠷᠭᠠᠨ ᠬᠥᠮᠦᠵᠢᠯ ᠢ ᠳᠡᠮᠵᠢᠬᠦ᠂ ᠲᠠᠷᠢᠶᠠᠯᠠᠩ ᠮᠠᠯ ᠠᠵᠤ ᠠᠬᠤᠶ ᠪᠤᠯᠤᠨ ᠤᠰᠤᠨ ᠠᠰᠢᠭᠯᠠᠯᠲᠠ ᠶᠢ ᠳᠡᠮᠵᠢᠬᠦ᠂ ᠡᠮ ᠡᠮᠨᠡᠯᠭᠡ ᠶᠢ ᠳᠡᠮᠵᠢᠬᠦ ᠪᠠ ᠶᠠᠳᠠᠭᠤ ᠶᠢ ᠲᠡᠳᠬᠦᠬᠦ ᠠᠵᠢᠯ ᠳᠤ ᠤᠷᠤᠯᠴᠠᠬᠤ ᠶᠢ ᠵᠤᠷᠢᠭᠵᠢᠭᠤᠯᠤᠨ᠎ᠠ᠃

    ᠲᠤᠰ ᠤᠳᠠᠭ᠎ᠠ ᠭᠤᠤᠯᠳᠠᠭᠤ 2016 ᠣᠨ ᠤ ᠥᠪᠡᠷᠲᠡᠭᠡᠨ ᠵᠠᠰᠠᠬᠤ ᠣᠷᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ 2016 ᠣᠨ ᠤ ᠣᠷᠣᠨ ᠤ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭ᠋ᠤᠯ ᠨᠤᠲᠤᠭ ᠲᠠᠢ ᠰᠤᠷᠤᠭᠴᠢᠳ᠂ 2013 ᠣᠨ᠂ 2014 ᠣᠨ᠂ 2015 ᠣᠨ ᠤ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠡᠳ ᠠᠵᠢᠯ ᠤᠯᠤᠭᠠᠳᠤᠢ ᠥᠪᠥᠷ ᠮᠣᠩᠭ᠋ᠤᠯ ᠨᠤᠲᠤᠭ ᠲᠠᠢ ᠰᠤᠷᠤᠭᠴᠢᠳ ᠪᠠᠭᠲᠠᠨ᠎ᠠ᠃

    ᠦᠨᠳᠦᠰᠦᠨ ᠱᠠᠲᠤᠨ ᠳᠤ ᠦᠢᠯᠡᠴᠢᠯᠡᠬᠦ ᠬᠤᠭᠤᠴᠠᠭᠠᠨ ᠳᠤ ᠬᠤᠰᠢᠭᠤ ᠰᠢᠶᠠᠨ (ᠬᠤᠳᠠ᠂ ᠲᠣᠭᠤᠷᠢᠭ) ᠤ ᠬᠥᠮᠦᠨ ᠤ ᠨᠦᠬᠡᠴᠡ ᠪᠣᠯᠤᠨ ᠨᠡᠶᠢᠭᠡᠮ ᠤᠨ ᠪᠠᠲᠤᠯᠠᠭᠠᠨ ᠤ ᠰᠠᠯᠠᠭ᠎ᠠ ᠮᠥᠴᠢᠷ ᠠᠴᠠ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠲᠤ ᠬᠥᠮᠦᠨ ᠪᠦᠷᠢ ᠰᠠᠷ᠎ᠠ ᠳᠤ 1500 ᠲᠥᠭᠦᠷᠢᠭ᠌᠌ ᠤᠨ ᠠᠮᠢᠳᠤᠷᠠᠯ ᠤᠨ ᠨᠥᠬᠦᠪᠥᠷᠢ ᠪᠤᠯᠤᠨ ᠬᠥᠮᠦᠨ ᠪᠦᠷᠢ ᠵᠢᠯ ᠳᠤ 1200 ᠲᠥᠭᠦᠷᠢᠭ᠌ ᠤᠨ ᠵᠠᠮ ᠬᠠᠷᠢᠯᠴᠠᠭᠠᠨ ᠤ ᠨᠥᠬᠦᠪᠥᠷᠢ ᠶᠢ ᠲᠤᠭ᠎ᠠ ᠶᠣᠰᠣᠭᠠᠷ ᠨᠢᠭᠡᠳᠤᠯᠲᠠᠢ ᠤᠯᠭᠤᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠭᠤᠯᠤᠨ᠎ᠠ᠃

    ᠡᠨᠡ ᠵᠢᠯ ᠠᠴᠠ ᠡᠬᠢᠯᠡᠨ᠂ ᠲᠥᠪ ᠤᠨ ᠡᠳ᠋ ᠤᠨ ᠵᠠᠰᠠᠭ ᠠᠴᠠ ᠬᠥᠮᠦᠨ ᠪᠦᠷᠢ 2000 ᠲᠥᠭᠦᠷᠢᠭ᠌᠌ ᠤᠨ ᠪᠠᠷᠢᠮᠵᠢᠶ᠎ᠠ ᠶᠣᠰᠣᠭᠠᠷ᠂ ᠰᠢᠨ᠎ᠡ ᠪᠠᠷ ᠤᠷᠢᠵᠤ ᠡᠯᠰᠡᠭᠳᠡᠭᠡᠳ ᠠᠵᠢᠯ ᠤᠨ ᠪᠠᠶᠢᠷᠢᠨ ᠳᠤ 6 ᠰᠠᠷ᠎ᠠ ᠠᠴᠠ ᠳᠡᠭᠡᠭ᠍ᠰᠢ ᠦᠢᠯᠡᠴᠢᠯᠡᠭᠰᠡᠨ《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠲᠤ ᠨᠢᠭᠡ ᠯᠡ ᠲᠡᠭᠡᠷ᠎ᠡ ᠲᠦᠪᠬᠢᠨᠡᠭᠦᠯᠬᠦ ᠨᠦᠬᠦᠪᠦᠷᠢ ᠤᠯᠭᠤᠨ᠎ᠠ᠃《ᠭᠤᠷᠪᠠ ᠶᠢ ᠲᠡᠮᠵᠢᠵᠤ ᠨᠢᠭᠡ ᠶᠢ ᠲᠡᠳᠬᠦᠬᠦ》ᠰᠤᠷᠤᠭᠴᠢᠳ ᠤᠨ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠤᠭᠡᠳ ᠠᠰᠫᠢᠷᠠᠨᠲ ᠤᠨ ᠰᠢᠯᠭᠠᠯᠲᠠ ᠳᠤ ᠨᠡᠷ᠎ᠡ ᠮᠡᠳᠡᠭᠦᠯᠪᠡᠯ ᠶᠡᠷᠦᠩᠬᠡᠶ ᠬᠢᠷᠢ ᠪᠦᠲᠦᠮᠵᠢ ᠳᠡᠭᠡᠷ᠎ᠡ ᠨᠢ 10 ᠬᠤᠪᠢ ᠨᠡᠮᠡᠵᠦ᠂ ᠠᠳᠠᠯᠢ ᠨᠥᠬᠦᠴᠡᠯ ᠳᠣᠣᠷ᠎ᠠ ᠤᠷᠢᠳᠠᠪᠠᠷ ᠡᠯᠰᠡᠨ᠎ᠡ᠃ ᠦᠢᠯᠡᠴᠢᠯᠡᠭᠰᠡᠨ ᠭᠠᠵᠠᠷ ᠲᠤ ᠪᠠᠨ ᠠᠯᠪᠠᠳᠠᠨ ᠰᠢᠯᠭᠠᠭᠤᠯᠬᠤ ᠪᠠ ᠠᠵᠢᠯ ᠦᠢᠯᠡᠰ ᠤᠨ ᠨᠢᠭᠡᠴᠡ ᠳᠤ ᠠᠯᠪᠠᠨ ᠶᠤᠰᠤᠭᠠᠷ ᠤᠷᠢᠭᠳᠠᠬᠤ ᠳᠤ ᠠᠶᠢᠮᠠᠭ ᠬᠤᠳᠠ᠂ ᠬᠤᠰᠢᠭᠤ ᠰᠢᠶᠠᠨ ᠤ ᠡᠷᠦᠬᠡ ᠠᠮᠠ ᠳᠤ ᠬᠢᠵᠠᠭᠠᠷᠯᠠᠭᠳᠠᠬᠤ ᠦᠭᠡᠢ᠃

 

ᠢᠷᠡᠯᠳᠡ᠄ ᠦᠪᠦᠷ ᠮᠤᠩᠭ᠋ᠤᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠦᠪᠦᠷ ᠮᠤᠨᠭᠭᠤᠯ ᠤᠨ ᠦᠨᠳᠦᠰᠦᠲᠡᠨ ᠤ ᠺᠢᠨᠤ᠋ ᠬᠢᠷᠢ ᠮᠤᠨᠳᠠᠬ ᠪᠠᠶᠢᠳᠠᠬ ᠢ ᠠᠨᠭᠬᠠᠷᠤᠬᠰᠨᠨ ᠤᠤ
  • ᠮᠤᠩᠭ᠋ᠤᠯ ᠦᠨᠳᠦᠰᠦᠲᠡᠨ ᠤ ᠵᠠᠯᠠᠭᠤᠴᠤᠳ ᠤᠨ ᠨᠠᠶᠢᠷᠠᠯ ᠳᠠᠭᠤᠤ ᠵᠢᠨ ᠪᠦᠯᠬᠦᠮ ᠪᠡᠭᠡᠵᠢᠩ ᠳ᠋ᠥ ᠲᠤᠭᠯᠠᠪᠠ
  • 25 ᠳ᠋ᠡᠬᠢ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠱᠠᠩᠨᠠᠯ ᠤᠨ ᠺᠢᠨᠤ᠋ ᠨᠠᠭᠠᠳᠤᠮ ᠬᠦᠰᠢᠭᠡ ᠪᠠᠨ ᠨᠡᠬᠡᠭᠡᠯ᠎ᠡ
  • ᠰᠦᠢ ᠶᠠᠩ ᠳ᠋᠋ᠢ ᠬᠠᠭᠠᠨ ᠤ ᠰᠢᠶᠤᠤ ᠬᠠᠲᠤᠨ ᠤ ᠲᠢᠳᠢᠮ ᠢ ᠳᠡᠯᠭᠡᠨ ᠦᠵᠡᠭᠦᠯᠦᠯ᠎ᠡ
关闭
010070230030000000000000011120691119136704