蒙古文网站Logo
ᠰᠢᠨᠬᠤᠸᠠ ᠮᠤᠩᠭ᠋ᠤᠯ ᠨᠧᠲ

2017 ᠤᠨ ᠳ᠋ᠤ ᠡᠷᠲᠡ ᠰᠢᠨᠡᠯᠡᠲᠡᠭ ᠤᠨ ᠤᠴᠢᠷ ᠶᠠᠭᠤᠨ

2017-01-13 17:37

    ᠰᠢᠨᠬᠤᠸᠠ ᠬᠤᠷᠢᠶ᠎ᠠ   ᠲᠢᠶᠠᠨᠵᠢᠨ ᠤ 1 ᠰᠠᠷ᠎ᠠ ᠶᠢᠨ 2 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠸᠦ ᠿᠦᠨ ᠵᠢᠶᠠᠨ ) 1 ᠰᠠᠷ᠎ᠠ ᠶᠢᠨ 28 ᠤ ᠡᠲᠦᠷ ᠪᠤᠯ ᠤᠯᠠᠭᠠᠨᠴᠢᠨ ᠲᠠᠬᠢᠶ᠎ᠠ ᠵᠢᠯ ᠤᠨ ᠴᠠᠭᠠᠨ ᠰᠠᠷ᠎ᠠ ᠶᠢᠨ ᠰᠢᠨ᠎ᠡ ᠶᠢᠨ ᠨᠢᠭᠡᠨ᠃ ᠤᠲᠤᠨ ᠤᠷᠤᠨ ᠤ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯᠲᠡᠨ᠂ ᠲᠢᠶᠠᠨᠵᠢᠨ ᠬᠤᠲᠠ ᠶᠢᠨ ᠤᠲᠤᠨ ᠤᠷᠤᠨ ᠤ ᠰᠢᠨᠵᠢᠯᠡᠭᠡᠨ ᠤ ᠨᠡᠢᠢᠭᠡᠮᠯᠢᠭ᠌ ᠤᠨ ᠬᠡᠷᠡᠭ ᠡᠷᠬᠢᠯᠡᠭᠴᠢ ᠵᠤᠤ ᡁᠢ ᠾᠸᠩ ᠤᠨ ᠲᠠᠨᠢᠯᠴᠠᠭᠤᠯᠤᠭᠰᠠᠨ ᠶᠢᠡᠷ᠂ ᠮᠠᠨ ᠤ ᠤᠯᠤᠰ ᠤᠲᠤᠬᠠᠨ ᠳ᠋ᠤ ᠲᠡᠯᠡᠬᠡᠢ ᠨᠡᠢᠢᠲᠡ ᠶᠢᠨ ᠤᠨ ᠲᠤᠭᠠᠯᠠᠯ ( ᠠᠷᠭ᠎ᠠ ᠶᠢᠨ ᠤᠯᠠᠷᠢᠯ) ᠪᠠ ᠤᠯᠠᠮᠵᠢᠯᠠᠯᠲᠤ ᠪᠢᠯᠢᠭ᠌ ᠤᠨ ᠲᠤᠭᠠᠯᠠᠯ ᠬᠡᠷᠡᠭᠵᠢᠬᠦᠯᠵᠦ ᠪᠠᠢᠢᠨ᠎ᠠ᠃ ᠡᠭᠦᠨ ᠳ᠋ᠤ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ᠭᠡᠲᠡᠭ ᠨᠢ ᠪᠢᠯᠢᠭ᠌ ᠤᠨ ᠤᠯᠠᠷᠢᠯ ᠶᠢᠡᠷ ᠬᠡᠯᠡᠵᠦ ᠪᠠᠢᠢᠬᠤ ᠪᠤᠯᠬᠤᠷ ᠬᠠᠷᠠᠭᠠᠯᠵᠠᠭᠰᠠᠨ ᠠᠷᠭ᠎ᠠ ᠶᠢᠨ ᠤᠯᠠᠷᠢᠯ ᠤᠨ ᠡᠲᠦᠷ ᠰᠠᠷ᠎ᠠ ᠨᠢ ᠠᠳᠠᠯᠢ ᠦᠭᠡᠢ ᠪᠠᠢᠢᠲᠠᠭ᠃

    ᠠᠷᠭ᠎ᠠ ᠶᠢᠨ ᠤᠯᠠᠷᠢᠯ ᠳ᠋ᠤ᠂ ᠲᠡᠯᠡᠬᠡᠢ ᠶᠢᠨ ᠪᠦᠮᠪᠦᠷᠴᠡᠭ ᠨᠠᠷᠠ ᠶᠢ ᠨᠢᠭᠡ ᠲᠤᠭᠤᠷᠢᠵᠤ ᠡᠷᠬᠢᠬᠦ ᠶᠢ ᠨᠢᠭᠡ ᠪᠤᠴᠠᠯᠲᠠ ᠶᠢᠨ ᠵᠢᠯ ᠭᠡᠲᠡᠭ᠂ ᠡᠩ ᠤᠨ ᠵᠢᠯ ᠳ᠋ᠡᠭᠡᠨ 365 ᠡᠲᠦᠷ᠂ ᠦᠨᠳᠦᠷ ᠵᠢᠯ ᠳ᠋ᠡᠭᠡᠨ 366 ᠡᠲᠦᠷ᠃ ᠭᠡᠬᠦ ᠳ᠋ᠤ ᠮᠠᠨ ᠤ ᠤᠯᠤᠰ ᠤᠨ ᠤᠯᠠᠮᠵᠢᠯᠠᠲᠤ ᠪᠢᠯᠢᠭ᠌ ᠤᠨ ᠤᠯᠠᠷᠢᠯ ᠨᠢ ᠰᠠᠷᠠᠨ ᠤ ᠬᠠᠪᠢᠷᠭᠠᠯᠠᠬᠤ ᠦᠶᠡᠯᠡᠯ ᠢ ᠦᠨᠳᠦᠰᠦᠯᠡᠵᠦ᠂ 12 ᠰᠠᠷ᠎ᠠ 353 ᠡᠲᠦᠷ ᠡᠴᠡ 355 ᠡᠲᠦᠷ ᠪᠠᠢᠢᠵᠤ᠂ ᠠᠷᠭ᠎ᠠ ᠶᠢᠨ ᠲᠤᠭᠠᠯᠠᠯ ᠶᠢᠡᠷ ᠪᠠᠷᠤᠭ 11 ᠡᠲᠦᠷ ᠲᠤᠲᠠᠭᠤ ᠪᠠᠢᠢᠲᠠᠭ᠃

    ᠬᠡᠷᠪᠡ ᠡᠨᠡ ᠮᠡᠲᠦ ᠶᠢᠨ ᠠᠷᠭ᠎ᠠ ᠪᠡᠷ ᠪᠤᠲᠤᠪᠠᠯ ᠴᠠᠭᠠᠨ ᠰᠠᠷ᠎ᠠ ᠵᠤᠨ ᠴᠠᠭ ᠲᠤᠬᠢᠶᠠᠯᠲᠤᠬᠤ ᠨᠢ ᠲᠠᠮᠵᠢᠭ ᠦᠭᠡᠢ᠃ ᠡᠢᠢᠮᠦ ᠡᠴᠡ ᠴᠠᠭᠠᠨ ᠰᠠᠷ᠎ᠠ ᠶᠢ ᠠᠷᠭ᠎ᠠ ᠶᠢᠨ ᠲᠤᠭᠠᠯᠠᠯ ᠲᠠᠢ ᠦᠨᠳᠦᠰᠦᠨ ᠳ᠋ᠡᠭᠡᠨ ᠬᠠᠪᠢᠲᠠᠭᠤᠯᠬᠤ ᠪᠡᠷ ᠬᠡᠲᠦᠨ ᠵᠢᠯ ᠠᠯᠤᠰᠯᠠᠬᠤ ᠪᠦᠷᠢ ᠨᠢᠭᠡ ᠦᠨᠳᠦᠷ ᠰᠠᠷ᠎ᠠ ᠲᠤᠬᠢᠷᠠᠭᠤᠯᠪᠠ᠃ 2016 ᠤᠨ ᠪᠤᠯ ( ᠤᠯᠠᠭᠠᠨ ᠪᠡᠴᠢᠨ ᠵᠢᠯ ) ᠪᠢᠯᠢᠭ᠌ ᠤᠨ ᠲᠤᠭᠠᠯᠠᠯ ᠤᠨ ᠡᠩ ᠤᠨ ᠵᠢᠯ᠂ ᠪᠦᠬᠦ ᠵᠢᠯ ᠳ᠋ᠡᠭᠡᠨ 355 ᠡᠲᠦᠷ ᠲᠠᠢ᠂ ᠠᠷᠭ᠎ᠠ ᠶᠢᠨ ᠲᠤᠭᠠᠯᠠᠯ ᠡᠴᠡ ᠲᠤᠲᠠᠭᠤ 11 ᠡᠲᠦᠷ ᠲᠠᠢ᠃ 2017 ᠤᠨ ( ᠤᠯᠠᠭᠠᠭᠴᠢᠨ ᠲᠠᠬᠢᠶ᠎ᠠ ᠵᠢᠯ ) ᠤ ᠴᠠᠭᠠᠨ ᠰᠠᠷ᠎ᠠ ᠨᠢᠲᠤᠨᠤᠨ ᠤ ᠬᠢ ᠡᠴᠡ 11 ᠡᠲᠦᠷ ᠤᠷᠢᠳᠴᠢᠯᠠᠬᠤ ᠪᠤᠯᠤᠨ᠎ᠠ᠃ ᠨᠢᠲᠤᠨᠤᠨ 2 ᠰᠠᠷ᠎ᠠ ᠶᠢᠨ 8 ᠤ ᠡᠲᠦᠷ ᠰᠢᠨ᠎ᠡ ᠵᠢᠯ ᠶᠢᠡᠨ ᠤᠭᠲᠤᠭᠰᠠᠨ ᠪᠤᠯ ᠡᠨᠡ ᠵᠢᠯ 1 ᠰᠠᠷ᠎ᠠ ᠶᠢᠨ 28 ᠤ ᠡᠲᠦᠷ ᠰᠢᠨ᠎ᠡ ᠵᠢᠯ ᠶᠢᠡᠨ ᠤᠭᠲᠤᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120307702