蒙古文网站Logo
ᠰᠢᠨᠬᠤᠸᠠ ᠮᠤᠩᠭ᠋ᠤᠯ ᠨᠧᠲ

ᠴᠠᠩᠴᠦ᠋ᠨ ᠤ ᠴᠠᠭᠲᠠᠭᠠᠨ ᠤ ᠬᠢᠨ 《ᠰᠤᠷᠭᠠᠭᠤᠯᠢ ᠶᠢᠨ ᠬᠦᠷᠢᠶᠠᠨ ᠤ ᠵᠢᠭᠡᠯᠡᠯᠭᠡ》 ᠳ᠋ᠤ ᠬᠤᠯᠪᠤᠭᠲᠠᠭᠰᠠᠨ ᠮᠡᠬᠡᠯᠡᠯ ᠤᠨ ᠠᠵᠢᠯᠯᠠᠭ᠎ᠠ ᠳ᠋ᠤ ᠴᠤᠬᠢᠯᠲᠠ ᠦᠭ᠍ᠪᠡ

2017-01-19 11:55

    ᠰᠡᠬᠦᠯ ᠤᠨ ᠦᠶ᠎ᠠ ᠳ᠋ᠤ ᠴᠠᠩᠴᠦ᠋ᠨ ᠤ ᠴᠠᠭᠲᠠᠭᠠᠨ ᠤ ᠲᠠᠯ᠎ᠠ ᠶᠢᠨ ᠬᠢᠨ ᠵᠡᠬᠦᠨ ᠬᠤᠢᠢᠲᠤ ᠶᠢᠨ ᠭᠤᠷᠪᠠᠨ ᠮᠤᠵᠢ᠂ ᠱᠠᠨᠳᠦ᠋ᠩ᠂ ᠴᠦᠩᠴᠢᠩ ᠵᠡᠷᠭᠡ 8 ᠮᠤᠵᠢ ᠤᠷᠤᠨ ᠤ 17 ᠶᠡᠬᠡ ᠲᠡᠭᠡᠳᠦ ᠰᠤᠷᠭᠠᠭᠤᠯᠢ ᠶᠢᠨ 150 ᠭᠠᠷᠤᠢ ᠰᠤᠷᠤᠭᠴᠢ ᠲᠠᠢ ᠬᠤᠯᠪᠤᠭᠲᠠᠭᠰᠠᠨ 《ᠰᠤᠷᠭᠠᠭᠤᠯᠢ ᠶᠢᠨ ᠬᠦᠷᠢᠶᠠᠨ ᠤ ᠵᠢᠭᠡᠯᠡᠯᠭᠡ》 ᠶᠢᠨ ᠮᠡᠬᠡᠯᠡᠯ ᠤᠨ ᠠᠵᠢᠯᠯᠠᠭ᠎ᠠ ᠳ᠋ᠤ ᠴᠢᠩᠭ᠋᠎ᠠ ᠴᠤᠬᠢᠯᠲᠠ ᠦᠭ᠍ᠪᠡ᠃ ᠮᠡᠬᠡᠯᠡᠭᠲᠡᠭᠰᠡᠨ ᠮᠦᠩᠬᠦ 100 ᠲᠦᠮᠡᠨ ᠲᠦᠭᠦᠷᠢᠭ᠌ ᠲᠤ ᠬᠦᠷᠴᠡᠢ᠃

    ᠤᠢᠢᠯᠠᠭᠠᠭᠰᠠᠨ ᠶᠢᠡᠷ᠂ 2016 ᠤᠨ ᠤ 8 ᠰᠠᠷ᠎ᠠ ᠳ᠋ᠤ ᠴᠠᠩᠴᠦ᠋ᠨ ᠤ ᠴᠠᠭᠲᠠᠭᠠᠨ ᠤ ᠲᠠᠯ᠎ᠠ ᠶᠢᠨ ᠨᠢᠬᠡ ᠶᠡᠬᠡ ᠲᠡᠭᠡᠳᠦ ᠰᠤᠷᠭᠠᠭᠤᠯᠢ ᠶᠢᠨ ᠤᠶᠤᠲᠠᠳ《ᠵᠢᠭᠡᠯᠡᠯᠭᠡ ᠶᠢᠨ ᠭᠠᠷ ᠤᠲᠠᠰᠤᠨ》 ᠤ ᠬᠡᠷᠡᠭ ᠲᠤ ᠬᠤᠯᠪᠤᠭᠳᠠᠨ 1 ᠲᠦᠮᠡ ᠭᠠᠷᠤᠢ ᠲᠦᠭᠦᠷᠢᠭ᠌ ᠮᠡᠬᠡᠯᠡᠭᠲᠡᠪᠡ᠃ ᠲᠤᠰ ᠵᠢᠯ ᠤᠨ ᠬᠢᠨ 12 ᠰᠠᠷ᠎ᠠ ᠳᠤ ᠭᠢᠷᠢᠨ ᠬᠤᠲᠠ ᠶᠢᠨ ᠬᠡᠲᠦᠨ ᠶᠡᠬᠡ ᠰᠤᠷᠭᠠᠭᠤᠯᠢ ᠶᠢᠨ ᠤᠶᠤᠲᠠᠳ ᠵᠢᠭᠡᠯᠡᠯᠭᠡ ᠳ᠋ᠤ ᠬᠤᠯᠪᠤᠭᠲᠠᠭᠰᠠᠨ ᠮᠡᠬᠡᠯᠡᠯ ᠤᠨ ᠬᠡᠷᠡᠭ ᠭᠠᠷᠪᠠ᠃ ᠴᠠᠭᠲᠠᠭᠠᠨ ᠤ ᠲᠠᠯ᠎ᠠ ᠶᠢᠨ ᠬᠢᠨ ᠤ ᠴᠢᠩᠭ᠋᠎ᠠ ᠪᠠᠢᠢᠴᠠᠭᠠᠭᠰᠠᠨ ᠶᠢᠡᠷ ᠵᠠᠩ ᠤᠪᠤᠭᠲᠤ 2015 ᠤᠨ ᠤ 8 ᠰᠠᠷ᠎ᠠ ᠳ᠋ᠤ ᠰᠠᠶ᠊ᠢᠬᠠᠨ ᠶᠡᠬᠡ ᠰᠤᠷᠭᠠᠭᠤᠯᠢ ᠪᠠᠨ ᠲᠡᠭᠦᠰᠦᠭᠰᠡᠨ ᠯᠢ ᠤᠪᠤᠭᠲᠤ ᠲᠠᠢ ᠲᠠᠨᠢᠯᠴᠠᠵᠤ᠂ ᠮᠦᠨ ᠲᠡᠭᠦᠨ ᠶᠢᠡᠷ 《ᠦᠭᠶᠦᠭᠡ》ᠪᠤᠯᠭᠠᠨ᠂ ᠰᠤᠷᠭᠠᠭᠤᠯᠢ ᠶᠢᠨ ᠬᠦᠷᠢᠶᠠᠨ ᠪ ᠵᠢᠭᠡᠯᠡᠯᠭᠡ ᠲᠠᠯᠪᠢᠵᠤ᠂ ᠰᠤᠷᠤᠭᠴᠢᠳ ᠢ ᠮᠡᠬᠡᠯᠡᠬᠦ ᠶᠠᠯᠠᠲᠤ ᠠᠵᠢᠯᠯᠠᠭ᠎ᠠ ᠵᠤᠬᠢᠶᠠᠨ ᠪᠠᠢᠢᠭᠤᠯᠪᠠ᠃ ᠡᠭᠦᠨ ᠳ᠋ᠤ ᠴᠠᠭᠲᠠᠭᠠᠨ ᠤ ᠲᠠᠯ᠎ᠠ ᠶᠢᠨ ᠬᠢᠨ ᠤᠶᠤᠲᠠᠳ ᠲᠤ ᠪᠠᠶ᠎ᠠ ᠪᠠᠨ ᠬᠠᠮᠠᠭᠠᠯᠠᠬᠤ ᠤᠬᠠᠮᠰᠠᠷ ᠶᠢᠡᠨ ᠲᠡᠭᠡᠭ᠍ᠰᠢᠯᠡᠬᠦᠯᠵᠦ᠂ ᠬᠠᠦᠯᠢ ᠶᠢᠨ ᠦᠵᠡᠯᠳᠠ ᠶᠢ ᠪᠤᠢ ᠪᠤᠯᠭᠠᠬᠤ ᠴᠢᠬᠤᠯᠠᠳᠡᠢ ᠭᠡᠵᠦ ᠰᠠᠨᠠᠭᠤᠯᠵᠤ ᠪᠠᠢᠢᠨ᠎ᠠ᠃

ᠢᠷᠡᠯᠳᠡ᠄ ᠠᠷᠠᠳ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120344326