蒙古文网站Logo
ᠰᠢᠨᠬᠤᠸᠠ ᠮᠤᠩᠭ᠋ᠤᠯ ᠨᠧᠲ

2 ᠰᠠᠷ᠎ᠠ ᠶᠢᠨ 3 ᠤ ᠡᠲᠦᠷ ᠬᠠᠪᠤᠷ ᠤᠨ ᠠᠭᠤᠷ ᠤᠷᠤᠬᠤ ᠨᠢ ᠬᠤᠪᠤᠷ ᠲᠤᠬᠢᠶᠠᠯᠲᠤᠲᠠᠭ

2017-02-03 10:38

    ᠰᠢᠨᠬᠤᠸᠠ ᠬᠤᠷᠢᠶ᠎ᠠ   ᠲᠢᠶᠠᠨᠵᠢᠨ ᠤ 2 ᠰᠠᠷ᠎ᠠ ᠶᠢᠨ 2 ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠸᠦ ᠷᠦᠨ ᠵᠢᠶᠠᠨ) ᠬᠠᠪᠤᠷ ᠤᠨ ᠠᠭᠤᠷ ᠪᠤᠯ ᠬᠤᠷᠢᠨ ᠲᠦᠷᠪᠡᠨ ᠴᠠᠭ ᠠᠭᠤᠷ ᠤᠨ ᠠᠩᠬᠠᠨ ᠤ ᠴᠠᠭ ᠠᠭᠤᠷ ᠪᠤᠯᠤᠨ᠎ᠠ᠃ ᠶᠡᠷᠦ ᠳ᠋ᠡᠭᠡᠨ 2 ᠰᠠᠷ᠎ᠠ ᠶᠢᠨ 4 ᠤ ᠡᠲᠦᠷ ᠬᠠᠪᠤᠷ ᠤᠨ ᠠᠭᠤᠷ ᠤᠷᠤᠲᠠᠭ᠂ ᠭᠡᠬᠦ ᠳ᠋ᠤ ᠦᠨᠦ ᠵᠢᠯ 2 ᠰᠠᠷ᠎ᠠ ᠶᠢᠨ 3 ᠤ ᠡᠲᠦᠷ ᠬᠠᠪᠤᠷ ᠤᠨ ᠠᠭᠤᠷ ᠤᠷᠤᠭᠰᠠᠨ ᠬᠤᠪᠤᠷ ᠲᠤᠬᠢᠶᠠᠯᠲᠤᠲᠠᠭ ᠦᠵᠡᠭᠲᠡᠯ ᠢᠯᠡᠷᠡᠪᠡ᠃ ᠤᠲᠤᠨ ᠤᠷᠤᠨ ᠤ ᠮᠡᠷᠭᠡᠵᠢᠯᠲᠡᠳ ᠤᠨ ᠬᠡᠯᠡᠭᠰᠡᠨ ᠶᠢᠡᠷ᠂ 3 ᠤ ᠡᠲᠦᠷ ᠬᠠᠪᠤᠷ ᠤᠨ ᠠᠭᠤᠷ ᠤᠷᠤᠬᠤ ᠪᠤᠯ ᠬᠤᠪᠤᠷ ᠲᠤᠬᠢᠶᠠᠯᠲᠤᠲᠤᠭ᠃ ᠡᠭᠦᠨ ᠡᠴᠡ ᠡᠮᠦᠨ᠎ᠡ 1897 ᠤᠨ ᠤ 2 ᠰᠠᠷ᠎ᠠ ᠶᠢᠨ 3 ᠤ ᠡᠲᠦᠷ ᠬᠠᠪᠤᠷ ᠤᠨ ᠠᠭᠤᠷ ᠤᠷᠤᠭᠰᠠᠨ ᠪᠤᠯ ᠲᠠᠬᠢᠨ 2021 ᠤᠨ ᠤ 2 ᠰᠠᠷ᠎ᠠ ᠶᠢᠨ 3 ᠤ ᠡᠲᠦᠷ ᠬᠠᠪᠤᠷ ᠤᠨ ᠠᠭᠤᠷ ᠤᠷᠤᠬᠤ ᠪᠤᠯᠤᠨ᠎ᠠ᠃

    ᠤᠢᠢᠯᠠᠭᠠᠭᠰᠠᠨ ᠶᠢᠡᠷ᠂ ᠨᠠᠷᠠᠨ ᠤ ᠰᠢᠷ᠎ᠠ ᠵᠠᠮ ᠤᠨ ᠬᠠᠪᠲᠠᠭᠠᠢ ᠲᠡᠭᠡᠷᠡᠬᠢ ᠲᠤᠰᠤᠯᠲᠠ ᠶᠢᠨ ᠪᠠᠢᠢᠷᠢ ᠪᠡᠷ 24 ᠴᠠᠭ ᠠᠭᠤᠷ ᠢ ᠲᠤᠭᠲᠠᠭᠠᠭᠰᠠᠨ ᠪᠠᠢᠢᠲᠠᠭ᠃ ᠨᠠᠷᠠᠨ ᠤ ᠡᠭᠴᠡ ᠲᠤᠰᠤᠯᠲᠠ ᠶᠢᠨ ᠴᠠᠭ᠌ ᠬᠠᠪᠤᠷ ᠤᠨ ᠬᠤᠭᠤᠰ ᠡᠴᠡ ᠡᠬᠢᠯᠡᠨ 15 ᠭ᠍ᠷᠠᠳᠦ᠋ᠰ ᠠᠯᠤᠰᠯᠠᠬᠤ ᠪᠦᠷᠢ ᠨᠢᠭᠡ ᠴᠠᠭ ᠤᠯᠠᠷᠢᠯ ᠪᠤᠯᠵᠦ᠂ ᠨᠢᠭᠡ ᠪᠤᠴᠠᠯᠲᠠ ᠶᠢᠨ ᠵᠢᠯ ᠤᠨ ᠲᠠᠷᠠᠭ᠎ᠠ ᠲᠠᠬᠢᠨ ᠬᠠᠪᠤᠷ ᠤᠨ ᠬᠤᠭᠤᠰ ᠪᠤᠯᠲᠠᠭ᠃

    ᠤᠲᠤᠨ ᠤᠷᠤᠨ ᠤ ᠮᠡᠷᠭᠡᠵᠢᠯᠲᠡᠨ ᠱᠢ ᡁᠢ ᠴᠸᠩ ᠤᠨ ᠦᠵᠡᠬᠦ ᠪᠡᠷ᠂ ᠨᠢᠭᠡ ᠪᠤᠴᠠᠯᠲᠠ ᠶᠢᠨ ᠵᠢᠯ ᠨᠢ 365.2422 ᠡᠲᠦᠷ ᠪᠠᠢᠢᠲᠠᠭ᠂ ᠡᠢᠢᠮᠦ ᠡᠴᠡ 15.25 ᠡᠲᠦᠷ ᠠᠯᠤᠰᠯᠠᠬᠤ ᠪᠦᠷᠢ ᠨᠢᠭᠡ ᠴᠠᠭ ᠠᠭᠤᠷ ᠲᠤᠬᠢᠶᠠᠲᠠᠭ᠃ ᠡᠩ ᠤᠨ ᠵᠢᠯ ᠪᠠ ᠦᠨᠳᠦᠷ ᠵᠢᠯ ᠤᠨ ᠨᠠᠷᠠᠨ ᠤ ᠡᠭᠴᠡ ᠲᠤᠰᠤᠯᠲᠠ ᠶᠢᠨ ᠬᠤᠭᠤᠴᠠᠭ᠎ᠠ ᠨᠢ ᠠᠳᠠᠯᠢ ᠦᠭᠡᠢ ᠡᠴᠡ ᠪᠤᠯᠵᠤ ᠴᠠᠭ ᠠᠭᠤᠷ ᠤᠷᠤᠬᠤ ᠴᠠᠭ ᠨᠢ ᠪᠠᠰᠠ ᠵᠢᠭᠠᠬᠠᠨ ᠠᠳᠠᠯᠢ ᠦᠭᠡᠢ ᠪᠠᠢᠢᠲᠠᠭ᠃

    ᠨᠢᠭᠡ ᠴᠠᠭ ᠠᠭᠤᠷ ᠲᠤ ᠠᠪᠴᠤ ᠬᠡᠯᠡᠪᠡᠯ᠂ ᠡᠮᠦᠨᠡᠬᠢ ᠵᠢᠯ ᠶᠢᠡᠨ ᠪᠤᠲᠤᠪᠠᠯ 6 ᠴᠠᠭ ᠪᠤᠶᠤ 5 ᠴᠠᠭ ᠤᠷᠢᠳᠴᠢᠯᠠᠲᠠᠭ᠂ ᠦᠨᠳᠦᠷ ᠵᠢᠯ ᠪᠤᠯ ᠡᠭᠦᠨ ᠤ ᠰᠠᠭᠤᠷᠢᠨ ᠳ᠋ᠤ 24 ᠴᠠᠭ ᠶᠢᠡᠷ ᠤᠷᠢᠳᠴᠢᠯᠠᠲᠠᠭ᠃ ᠶᠠᠭ ᠡᠢᠢᠮᠦ ᠡᠴᠡ ᠡᠲᠦᠷ ᠦᠵᠡᠯᠭᠡ ᠶᠢᠨ ᠬᠤᠪᠢ ᠳ᠋ᠤ ᠴᠠᠭ ᠠᠭᠤᠷ ᠨᠢ ᠲᠤᠬᠠᠢ ᠶᠢᠨ ᠡᠲᠦᠷ ᠲᠡᠭᠡᠨ ᠬᠤᠪᠢᠷᠠᠬᠤ ᠦᠭᠡᠢ ᠪᠤᠶᠤ 1 ᠡᠲᠦᠷ ᠬᠤᠢᠢᠰᠢᠯᠠᠲᠠᠭ᠃ ᠬᠠᠪᠤᠷ ᠤᠨ ᠠᠭᠤᠷ ᠤᠷᠤᠬᠤ ᠪᠡᠷ ᠵᠢᠱᠢᠶᠡᠯᠡᠨ ᠶᠠᠷᠢᠬᠤ ᠳ᠋ᠤ 2 ᠰᠠᠷ᠎ᠠ ᠶᠢᠨ 3 ᠤ ᠡᠲᠦᠷ᠂ 2 ᠰᠠᠷ᠎ᠠ ᠶᠢᠨ 4 ᠤ ᠡᠲᠦᠷ ᠪᠤᠶᠤ 2 ᠰᠠᠷ᠎ᠠ ᠶᠢᠨ 5 ᠤ ᠡᠲᠦᠷ ᠬᠠᠪᠤᠷ ᠤᠨ ᠠᠭᠤᠷ ᠤᠷᠤᠬᠤ ᠪᠤᠯᠤᠮᠵᠢ ᠲᠠᠢ᠃

    ᠱᠢ ᡁᠢ ᠴᠸᠩ ᠤᠨ ᠢᠯᠡᠷᠬᠡᠢᠢᠯᠡᠭᠰᠡᠨ ᠶᠢᠡᠷ᠂ 1900 – 2000 ᠤᠨ ᠤ ᠬᠤᠭᠤᠷᠤᠨᠲᠤ ᠬᠠᠪᠤᠷ ᠤᠨ ᠠᠭᠤᠷ 2 ᠰᠠᠷ᠎ᠠ ᠶᠢᠨ 4 ᠤ ᠡᠲᠦᠷ ᠪᠡ 2 ᠰᠠᠷ᠎ᠠ ᠶᠢᠨ 5 ᠤ ᠡᠲᠦᠷ ᠤᠷᠤᠭᠰᠠᠨ ᠲᠡᠮᠲᠡᠭᠯᠡᠯ ᠲᠠᠢ᠂ 21 ᠳ᠋ᠤᠭᠡᠷ ᠵᠠᠭᠤᠨ ᠤ 100 ᠵᠢᠯ ᠳ᠋ᠤ ᠬᠠᠪᠤᠷ ᠤᠨ ᠠᠭᠤᠷ 2 ᠰᠠᠷ᠎ᠠ ᠶᠢᠨ 3 ᠤ ᠡᠲᠦᠷ ᠪᠠ 2 ᠰᠠᠷ᠎ᠠ ᠶᠢᠨ 4 ᠤ ᠡᠲᠦᠷ ᠤᠷᠤᠬᠤ ᠪᠤᠯᠤᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠦᠪᠦᠷ ᠮᠤᠨᠭᠭᠤᠯ ᠳᠡᠬᠢ ᠯᠢᠶᠤᠤ ᠭᠦᠷᠦᠨ ᠤ ᠲᠠᠲᠠᠪᠤᠷᠢ ᠶᠢᠨ ᠤᠨᠭᠭᠤᠨ ᠡᠴᠡ ᠶᠡᠬᠡ ᠬᠡᠮᠵᠢᠶᠡᠨ ᠤ ᠠᠯᠲᠠ ᠮᠦᠩᠭᠦᠨ ᠰᠢᠭᠢᠳᠬᠡᠭᠡᠷᠢ ᠲᠠᠢ ᠱᠠᠭᠠᠵᠠᠩ ᠰᠠᠪᠠ ᠤᠯᠳᠠᠪᠠ
  • ᠦᠪᠦᠷ ᠮᠤᠨᠭᠭᠤᠯ ᠤᠨ ᠰᠢᠨ᠎ᠡ ᠪᠠᠷᠭᠤ ᠵᠡᠭᠦᠨ ᠬᠤᠰᠢᠭᠤᠨ ᠳᠤ ᠮᠤᠨᠭᠭᠤᠯ ᠦᠨᠳᠦᠰᠦᠲᠡᠨ ᠤ ᠬᠤᠪᠴᠠᠰᠤ ᠵᠠᠰᠠᠯ ᠤᠨ ᠦᠵᠡᠭᠦᠯᠦᠯᠭᠡ ᠪᠤᠯᠪᠠ
  • ᠵᠢᠷᠭᠤᠭᠠᠨ ᠮᠤᠵᠢ ᠤᠷᠤᠨ ᠤ ᠦᠨᠳᠦᠰᠦᠳᠡᠨ ᠤ ᠴᠦᠬᠡᠩᠬᠢ ᠶᠢᠨ ᠤᠷᠠᠨ ᠰᠠᠶᠢᠬᠠᠨ ᠤ ᠳᠤᠭᠯᠠᠯᠳᠠ ᠦᠨᠳᠦᠷᠯᠡᠯ᠎᠎ᠡ
  • ᠠᠩᠬᠠᠳᠤᠭᠠᠷ ᠤᠳᠠᠭᠠᠨ ᠤ 《ᠠᠯᠲᠠᠨ ᠳᠡᠯᠡᠬᠡᠢ》 ᠨᠡᠷᠡᠮᠵᠢᠲᠤ ᠦᠪᠦᠷ ᠮᠣᠩᠭᠣᠯ ᠤᠨ ᠤᠶᠤᠲᠠᠳ ᠤᠨ ᠮᠤᠩ᠋ᠭᠤᠯ ᠰᠢᠲᠠᠷ᠎ᠠ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠯ᠎ᠠ
关闭
010070230030000000000000011120791120403522