蒙古文网站Logo
ᠰᠢᠨᠬᠤᠸᠠ ᠮᠤᠩᠭ᠋ᠤᠯ ᠨᠧᠲ

ᠴᠠᠭᠠᠨ ᠰᠠᠷ᠎ᠠ ᠳᠤ ᠬᠥᠮᠥᠰ ᠫᠤᠤᠵᠢᠩ ᠲᠠᠯᠪᠢᠬᠤ ᠪᠠᠨ ᠪᠠᠭᠠᠰᠬᠠᠵᠤ ᠪᠠᠶᠢᠨ᠎ᠠ

2017-02-11 13:15

    ᠴᠠᠭᠠᠨ ᠰᠠᠷ᠎ᠠ ᠫᠤᠤᠵᠢᠩ ᠲᠠᠯᠪᠢᠬᠤ ᠪᠣᠯ ᠬᠢᠲᠠᠳᠴᠤᠳ ᠤᠨ ᠰᠠᠷ᠎ᠠ ᠰᠢᠨ᠎ᠡ ᠪᠡᠨ ᠤᠭᠲᠤᠬᠤ ᠤᠯᠠᠮᠵᠢᠯᠠᠯᠲᠤ ᠵᠠᠩᠰᠢᠯ ᠶᠤᠮ ᠂ ᠭᠡᠪᠡᠴᠦ ᠡᠨᠡ ᠴᠠᠭᠠᠨ ᠰᠠᠷ᠎ᠠ ᠪᠡᠭᠡᠵᠢᠩ ᠂ ᠱᠠᠩᠬᠠᠢ ᠂ ᠵᠢᠨᠠᠨ ᠂ ᠬᠠᠩᠵᠧᠦ ᠵᠡᠷᠭᠡ ᠭᠠᠵᠠᠷ ᠤᠨ ᠬᠤᠸᠠᠷᠲᠤ ᠫᠤᠤᠵᠢᠩ ᠲᠠᠯᠪᠢᠭᠰᠠᠨ ᠬᠡᠮᠵᠢᠶ᠎ᠡ ᠨᠢᠳᠤᠨᠤᠨ ᠤ ᠬᠢ ᠡᠴᠡ ᠶᠡᠬᠡ ᠪᠡᠷ ᠪᠠᠭᠠᠰᠴᠤ ᠂ ᠫᠤᠤᠵᠢᠩ ᠲᠠᠯᠪᠢᠬᠤ ᠶ᠋ᠢ ᠬᠣᠷᠢᠭᠯᠠᠭᠰᠠᠨ ᠬᠣᠲᠠ ᠴᠥᠭᠡᠨ ᠪᠤᠰᠤ ᠪᠠᠶᠢᠭ᠎ᠠ ᠪᠥᠭᠡᠳ ᠪᠠᠭ᠎ᠠ ᠲᠠᠯᠪᠢᠬᠤ ᠪᠤᠶᠤ ᠨᠢᠭᠡᠮᠦᠰᠦᠨ ᠲᠠᠯᠪᠢᠬᠤ ᠦᠭᠡᠢ ᠪᠠᠶᠢᠬᠤ ᠨᠢ ᠴᠦ ᠬᠥᠮᠥᠰ ‍ᠥᠨ ᠬᠠᠮᠲᠤ ᠶ᠋ᠢᠨ ᠰᠣᠩᠭ᠋ᠣᠯᠲᠠ ᠪᠣᠯᠣᠭᠰᠠᠨ ᠪᠠᠶᠢᠨ᠎ᠠ ᠃

    ᠡᠨᠡ ᠴᠠᠭᠠᠨ ᠰᠠᠷ᠎ᠠ ᠫᠤᠤᠵᠢᠩ ᠪᠠᠭ᠎ᠠ ᠲᠠᠯᠪᠢᠬᠤ ᠪᠣᠯᠣᠭᠰᠠᠨ ᠨᠢ ᠣᠯᠠᠨ ᠬᠥᠮᠥᠨ ᠳ᠋ᠥ ᠮᠡᠳᠡᠷᠡᠭᠳᠡᠵᠦ ᠪᠠᠶᠢᠯ᠎ᠠ ᠃ 2017 ᠣᠨ ᠤ ᠴᠠᠭᠠᠨ ᠰᠠᠷ᠎ᠠ ᠪᠣᠯ ᠪᠡᠭᠡᠵᠢᠩ ᠬᠣᠲᠠ ᠫᠤᠤᠵᠢᠩ ᠲᠠᠯᠪᠢᠬᠤ ᠶ᠋ᠢ ᠴᠠᠭᠠᠵᠠᠯᠠᠵᠤ ᠪᠠᠶᠢᠭᠰᠠᠨ ᠡᠴᠠ ᠪᠠᠨ ᠬᠢᠵᠠᠭᠠᠷᠯᠠᠬᠤ ᠪᠣᠯᠣᠭᠰᠠᠨ ᠠᠷᠪᠠᠨ ᠬᠤᠶᠠᠷ ᠲᠠᠬᠢ ᠴᠠᠭᠠᠨ ᠰᠠᠷ᠎ᠠ ᠶᠤᠮ ᠂ ᠪᠡᠭᠡᠵᠢᠩ ᠬᠣᠲᠠ ᠶ᠋ᠢᠨ ᠵᠠᠰᠠᠭ ᠤᠨ ᠣᠷᠳᠣᠨ ᠤ ᠫᠤᠤᠵᠢᠩ ᠲᠠᠯᠪᠢᠬᠤ ᠶ᠋ᠢ ᠬᠠᠮᠢᠶᠠᠷᠬᠤ ᠠᠯᠪᠠᠨ ᠭᠡᠷ ‍ᠥᠨ ᠴᠢᠮᠡᠭᠡ ᠵᠠᠩᠭᠢ ᠡᠴᠠ ᠦᠵᠡᠪᠡᠯ ᠂ ᠫᠤᠤᠵᠢᠩ ᠤᠨ ᠪᠣᠷᠣᠯᠠᠭᠤᠯᠭ᠎ᠠ ᠵᠢᠷᠭᠤᠭᠠᠨ ᠵᠢᠯ ᠳᠠᠷᠠᠭᠠᠯᠠᠨ ᠪᠠᠭᠤᠷᠠᠭᠰᠠᠨ ᠪᠠᠶᠢᠨ᠎ᠠ ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120448959