蒙古文网站Logo
ᠰᠢᠨᠬᠤᠸᠠ ᠮᠤᠩᠭ᠋ᠤᠯ ᠨᠧᠲ

ᠦᠪᠤᠷ ᠮᠤᠩᠭ᠋ᠤᠯ 5 ᠵᠦᠢᠯ ᠤᠨ ᠠᠷᠭ᠎ᠠ ᠬᠡᠮᠵᠢᠶ᠎ᠡ ᠠᠪᠴᠦ ᠮᠤᠩᠭ᠋ᠤᠯ ᠬᠢᠳᠠᠳ ᠡᠮ ᠡᠮᠨᠡᠯᠭᠡ ᠵᠢᠨ ᠬᠦᠭ᠍ᠵᠢᠯᠲᠡ ᠵᠢ ᠠᠬᠢᠭᠤᠯᠤᠨ᠎ᠠ

2017-02-15 11:26

    ᠦᠪᠤᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠡᠴᠡ ᠲᠤᠷᠠᠳᠤᠨ ᠭᠠᠷᠭᠠᠭᠰᠠᠨ ᠦᠨᠳᠦᠰᠦᠲᠡᠨ ᠤ ᠡᠮ ᠡᠮᠨᠡᠯᠭᠡ ᠵᠢᠨ ᠬᠦᠭ᠍ᠵᠢᠯ ᠪᠠᠳᠠᠷᠠᠯ ᠢ ᠠᠬᠢᠭᠤᠯᠬᠤ ᠵᠤᠷᠢᠭ ᠰᠠᠨᠠᠭ᠎ᠠ ᠵᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠢᠨ ᠲᠦᠯᠦᠭᠡ ᠡᠨᠡ ᠵᠢᠯ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ ᠤᠨ ᠠᠵᠢᠯ ᠤᠨ ᠵᠦᠪᠯᠡᠯ 5 ᠵᠦᠢᠯ ᠤᠨ ᠠᠷᠭ᠎ᠠ ᠬᠡᠮᠵᠢᠶ᠎ᠡ ᠠᠪᠴᠦ ᠮᠤᠩᠭ᠋ᠤᠯ ᠬᠢᠳᠠᠳ ᠡᠮ ᠡᠮᠨᠡᠯᠭᠡ ᠵᠢᠨ ᠬᠦᠭ᠍ᠵᠢᠯ ᠪᠠᠳᠠᠷᠠᠯ ᠢ ᠬᠦᠴᠦᠲᠠᠢ ᠠᠬᠢᠭᠤᠯᠬᠤ ᠪᠡᠷ ᠪᠤᠢ᠃

    ᠨᠢᠭᠡ ᠳ᠋ᠤ 《ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠳᠠᠳ ᠡᠮ ᠡᠮᠨᠡᠯᠭᠡ ᠵᠢᠨ ᠬᠠᠤᠯᠢ》 ᠵ᠋ᠢ ᠪᠦᠬᠦ ᠲᠠᠯ᠎ᠠ ᠪᠡᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 《ᠦᠪᠤᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭ᠋ᠤᠯ ᠡᠮ ᠡᠮᠨᠡᠯᠭᠡ ᠬᠢᠳᠠᠳ ᠡᠮ ᠡᠮᠨᠡᠯᠭᠡ ᠵᠢᠨ ᠲᠦᠷᠢᠮ》 ᠪᠠ ᠦᠪᠡᠷᠲᠡᠭᠡᠨ ᠵᠠᠰᠠᠬᠤ ᠤᠷᠤᠨ ᠤ ᠲᠡᠳᠬᠦᠨ ᠲᠡᠮᠵᠢᠬᠦ ᠲᠦᠷᠦ ᠵᠢᠨ ᠪᠤᠳᠤᠯᠭ᠎ᠠ ᠵᠢᠨ ᠨᠠᠶᠢᠳᠠᠪᠤᠷᠢᠵᠢᠭᠤᠯᠤᠯᠲᠠ ᠵᠢ ᠤᠯᠠᠮ ᠠᠬᠢᠭᠤᠯᠤᠨ᠎ᠠ᠃

    ᠬᠤᠶᠠᠷ ᠲᠦ ᠮᠤᠩᠭ᠋ᠤᠯ ᠡᠮ ᠡᠮᠨᠡᠯᠭᠡ ᠵᠢᠨ ᠦᠢᠯᠡᠰ ᠢ ᠬᠦᠴᠦᠷᠭᠡᠭ᠍ᠵᠢᠬᠦᠯᠦᠨ ᠪᠤᠵᠠᠭᠠᠶᠢᠷᠠᠭᠤᠯᠵᠤ᠂ ᠮᠤᠩᠭ᠋ᠤᠯ ᠡᠮ ᠡᠮᠨᠡᠯᠭᠡ ᠵᠢᠨ ᠠᠵᠢᠯᠯᠠᠭᠠᠨ ᠤ ᠲᠦᠯᠦᠪᠯᠡᠭᠡ ᠲᠤᠭᠲᠠᠭᠠᠨ᠂ ᠮᠤᠩ᠋ᠭᠤᠯ ᠡᠮ ᠡᠮᠨᠡᠯᠭᠡ ᠵᠢᠨ ᠡᠷᠡᠬᠦᠯ ᠮᠡᠨᠳᠤ ᠵᠢᠨ ᠦᠢᠯᠡᠴᠢᠯᠡᠭᠡᠨ ᠤ ᠰᠢᠰᠲ᠋ᠸᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠢ ᠡᠬᠦᠳᠬᠦ ᠲᠤᠯᠭᠠᠭᠤᠷᠢ ᠰᠢᠰᠲ᠋ᠸᠮ ᠪᠠ ᠪᠠᠷᠢᠮᠵᠢᠶᠠᠵᠢᠭᠤᠯᠤᠯᠲᠠ ᠵᠢᠨ ᠰᠢᠰᠲ᠋ᠸᠮ ᠢ ᠲᠦᠷᠭᠡᠪᠴᠢᠯᠡᠨ ᠪᠠᠶᠢᠭᠤᠯᠤᠨ ᠪᠦᠷᠢᠨᠰᠢᠬᠦᠯᠵᠤ᠂ ᠮᠤᠩ᠋ᠭᠤᠯ ᠡᠮ ᠡᠮᠨᠡᠯᠭᠡ ᠵᠢᠨ ᠬᠦᠭ᠍ᠵᠢᠯ ᠪᠠᠳᠠᠷᠠᠯ ᠢ ᠲᠦᠷᠬᠡᠨ ᠠᠬᠢᠭᠤᠯᠤᠨ᠎ᠠ᠃

    ᠭᠤᠷᠪᠠ ᠳ᠋ᠤ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠲᠡ ᠵᠢ ᠬᠦᠨᠵᠡᠭᠡᠶᠢᠷᠡᠬᠦᠯᠵᠤ᠂ ᠬᠤᠰᠢᠭᠤ ᠰᠢᠶᠠᠨ ᠤ ᠮᠤᠩᠭ᠋ᠤᠯ ᠬᠢᠳᠠᠳ ᠡᠮᠨᠡᠯᠭᠡ ᠵᠢᠨ ᠬᠤᠷᠢᠶᠠᠨ ᠤ ᠪᠠᠢᠢᠭᠤᠯᠤᠯᠲᠠ ᠪᠡᠷ ᠭᠤᠤᠯᠳᠠᠯᠭ᠎ᠠ ᠪᠤᠯᠭᠠᠨ᠂ ᠮᠤᠩᠭ᠋ᠤᠯ ᠡᠮ ᠡᠮᠨᠡᠯᠭᠡ ᠬᠢᠳᠠᠳ ᠡᠮ ᠡᠮᠨᠡᠯᠭᠡ ᠵᠢᠨ ᠦᠢᠯᠡᠴᠢᠯᠡᠭᠡᠨ ᠤ ᠰᠢᠰᠲ᠋ᠸᠮ ᠤᠨ ᠪᠠᠶᠢᠭᠤᠯᠤᠯᠲᠠ ᠵᠢ ᠲᠦᠷᠬᠡᠨ ᠠᠬᠢᠭᠤᠯᠤᠨ᠎ᠠ᠃ ᠮᠤᠩᠭ᠋ᠤᠯ ᠡᠮ ᠡᠮᠨᠡᠯᠭᠡ ᠬᠢᠳᠠᠳ ᠡᠮ ᠡᠮᠨᠡᠯᠭᠡ ᠵᠢᠨ ᠡᠪᠡᠳᠴᠢᠨ ᠡᠮᠭᠡᠭ ᠢ ᠰᠡᠷᠭᠡᠶᠢᠯᠡᠬᠦ ᠲᠠᠯ᠎ᠠ ᠪᠡᠷ ᠬᠢ ᠭᠤᠤᠯ ᠤᠳᠤᠷᠢᠳᠤᠮᠵᠢ ᠵᠢᠨ ᠦᠢᠯᠡᠳᠦᠯ᠂ ᠬᠦᠨᠳᠤ ᠶᠡᠭᠡ ᠡᠪᠡᠳᠴᠢᠨ ᠡᠮᠭᠡᠭ ᠢ ᠵᠠᠰᠠᠬᠤ ᠲᠠᠯ᠎ᠠ ᠪᠡᠷ ᠬᠢ ᠬᠠᠮᠵᠢᠯᠴᠠᠬᠤ ᠦᠢᠯᠡᠳᠦᠯ᠂ ᠡᠪᠡᠳᠴᠢᠨ ᠡᠮᠭᠡᠭ ᠢ ᠡᠷᠡᠬᠦᠯᠵᠢᠬᠦᠯᠬᠦ ᠲᠠᠯ᠎ᠠ ᠪᠡᠷ ᠬᠢ ᠭᠤᠤᠯᠯᠠᠬᠤ ᠦᠢᠯᠡᠳᠦᠯ ᠢ ᠦᠨᠡᠨ ᠬᠦ ᠴᠢᠩᠭ᠋ᠠᠳᠬᠠᠨ᠎ᠠ᠃ ᠤᠨᠴᠠᠯᠢᠭᠳᠤ ᠲᠠᠪᠠᠭᠤᠯᠢᠭ ᠢ ᠬᠦᠢᠴᠡᠳ ᠪᠠᠳᠠᠷᠠᠭᠤᠯᠵᠤ᠂ ᠮᠤᠩᠭ᠋ᠤᠯ ᠡᠮ ᠡᠮᠨᠡᠯᠭᠡ ᠬᠢᠳᠠᠳ ᠡᠮ ᠡᠮᠨᠡᠯᠭᠡ ᠵᠢᠨ ᠡᠷᠡᠬᠦᠯ ᠮᠡᠨᠳᠤ ᠨᠠᠰᠤᠵᠢᠯ ᠤᠨ ᠠᠰᠠᠷᠠᠮᠵᠢ᠂ ᠡᠷᠡᠬᠦᠯ ᠮᠡᠨᠳᠤ ᠵᠢᠭᠤᠯᠴᠢᠯᠠᠯ ᠤᠨ ᠦᠢᠯᠡᠴᠢᠯᠡᠭᠡᠨ ᠤ ᠬᠦᠭ᠍ᠵᠢᠯᠲᠡ ᠵᠢ ᠠᠬᠢᠭᠤᠯᠤᠨ᠎ᠠ᠃

    ᠲᠦᠷᠪᠡ ᠳ᠋ᠤ ᠤᠯᠠᠮᠵᠢᠯᠠᠵᠤ ᠰᠢᠨ᠎ᠡ ᠵᠢ ᠡᠬᠦᠳᠬᠦ ᠢᠨᠵᠸᠨ᠋ᠸᠷᠢᠩ ᠢ ᠡᠬᠢᠯᠡᠬᠦᠯᠵᠤ᠂ ᠡᠮᠴᠢᠯᠡᠭᠡᠨ ᠤ ᠰᠤᠳᠤᠯᠭᠠᠨ᠂ ᠭᠤᠤᠯᠳᠠᠯᠭ᠎ᠠ ᠲᠠᠢ ᠲᠤᠰᠬᠠᠢ ᠰᠠᠯᠠᠭ᠎ᠠ᠂ ᠤᠯᠠᠮᠵᠢᠯᠠᠯᠳᠤ ᠵᠠᠰᠠᠯᠭ᠎ᠠ᠂ ᠤᠳᠠᠴᠢ ᠵᠢᠨ ᠤᠯᠠᠮᠵᠢᠯᠠᠯ᠂ ᠡᠮᠨᠡᠯᠭᠡ ᠵᠢᠨ ᠬᠤᠷᠢᠶᠠᠨ ᠤ ᠡᠮ ᠨᠠᠢᠷᠠᠯᠭ᠎ᠠ ᠵᠡᠷᠭᠡ ᠲᠠᠯ᠎ᠠ ᠵᠢᠨ ᠴᠢᠳᠠᠪᠤᠷᠢ ᠵᠢᠨ ᠪᠠᠢᠭᠤᠯᠤᠯᠲᠠ ᠵᠢ ᠭᠤᠤᠯᠳᠠᠯᠭ᠎ᠠ ᠲᠠᠢ ᠴᠢᠩᠭ᠋ᠠᠳᠬᠠᠵᠤ᠂ ᠰᠤᠳᠤᠯᠭᠠᠨ ᠤ ᠠᠷᠭ᠎ᠠ ᠬᠡᠯᠪᠡᠷᠢ ᠵᠢᠨ ᠰᠢᠨ᠎ᠡ ᠵᠢ ᠡᠬᠦᠳᠴᠦ᠂ ᠮᠤᠩᠭ᠋ᠤᠯ ᠡᠮ ᠡᠮᠨᠡᠯᠭᠡ ᠬᠢᠳᠠᠳ ᠡᠮᠨᠡᠯᠭᠡ ᠵᠢᠨ ᠤᠨᠴᠠᠯᠢᠭᠳᠤ ᠲᠠᠪᠠᠭᠤᠯᠢᠭ ᠪᠦᠬᠦᠢ ᠰᠢᠨ᠎ᠡ ᠰᠢᠨᠵᠢᠯᠡᠭᠡᠨ ᠤ ᠰᠠᠯᠠᠭ᠎ᠠ ᠵᠢ ᠲᠦᠷᠬᠡᠪᠴᠢᠯᠡᠨ ᠪᠠᠢᠢᠭᠤᠯᠤᠨ ᠭᠦᠭ᠍ᠵᠢᠭᠦᠯᠵᠦ᠂ ᠤᠯᠠᠮᠵᠢᠯᠠᠵᠤ ᠰᠢᠨ᠎ᠡ ᠵᠢ ᠡᠬᠦᠳᠬᠦ ᠴᠢᠳᠠᠪᠤᠷᠢ ᠵᠢ ᠲᠡᠭᠡᠭ᠍ᠰᠢᠯᠡᠬᠦᠯᠦᠨ᠎ᠡ᠃

    ᠲᠠᠪᠤ ᠳ᠋ᠤ ᠮᠤᠩᠭ᠋ᠤᠯ ᠬᠢᠳᠠᠳ ᠡᠮ ᠡᠮᠨᠡᠯᠭᠡ ᠵᠢᠨ 《ᠨᠢᠭᠡ ᠪᠦᠰᠡ ᠨᠢᠭᠡ ᠵᠠᠮ》 ᠤ᠋ᠨ ᠪᠠᠶᠢᠯᠳᠤᠬᠤ ᠪᠤᠳᠤᠯᠭ᠎ᠠ ᠳ᠋ᠡᠬᠢ ᠦᠢᠯᠡᠳᠦᠯ ᠢ ᠢᠳᠡᠪᠬᠢᠲᠠᠢ ᠪᠠᠳᠠᠷᠠᠭᠤᠯᠵᠤ᠂ ᠭᠠᠳᠠᠭᠠᠳᠤ ᠬᠠᠷᠢᠯᠴᠠᠭ᠎ᠠ ᠬᠠᠮᠳᠤᠷᠠᠯᠴᠠᠭ᠎ᠠ ᠪᠡᠨ ᠴᠢᠩᠭ᠋ᠠᠳᠬᠠᠨ᠂ ᠬᠢᠯᠢ ᠵᠢᠨ ᠭᠠᠳᠠᠨᠠᠬᠢ ᠬᠦᠮᠦᠰ  ᠤᠨ ᠦᠪᠦᠷ ᠮᠤᠩᠭ᠋ᠤᠯ ᠳ᠋ᠦ ᠢᠷᠡᠵᠦ ᠡᠮᠨᠡᠭᠦᠯᠬᠦ ᠠᠵᠢᠯ ᠢ ᠰᠠᠶᠢᠳᠤᠷ ᠬᠢᠨ᠎ᠡ᠃ ᠡᠬᠦᠨ ᠤ ᠬᠠᠮᠳᠤ᠂ ᠮᠤᠩᠭ᠋ᠤᠯ ᠤᠯᠤᠰ ᠲᠦ ᠮᠤᠩᠭ᠋ᠤᠯ ᠡᠮ ᠡᠮᠨᠡᠯᠭᠡ ᠵᠢᠨ ᠪᠠᠶᠢᠭᠤᠯᠤᠮᠵᠢ ᠪᠠᠢᠢᠭᠤᠯᠬᠤ ᠶᠠᠪᠤᠳᠠᠯ ᠢ ᠰᠠᠨᠠᠭᠠᠴᠢᠯᠠᠨ᠂ ᠮᠤᠩᠭ᠋ᠤᠯ ᠤᠯᠤᠰ ᠲᠦ ᠲᠤᠰᠬᠠᠢ ᠮᠡᠷᠭᠡᠵᠢᠯᠲᠡᠨ ᠰᠤᠩᠭ᠋ᠤᠨ ᠲᠤᠮᠢᠯᠠᠵᠤ ᠠᠯᠪᠠᠨ ᠵᠢᠷᠤᠮ ᠤᠨ ᠡᠮᠴᠢᠯᠡᠭᠡ ᠬᠢᠯᠭᠡᠨ᠂ ᠦᠢᠯᠡᠴᠢᠯᠡᠭᠡᠨ ᠤ ᠠᠷᠠᠯᠵᠢᠶ᠎ᠠ ᠵᠢ ᠠᠬᠢᠭᠤᠯᠵᠤ᠂ ᠮᠤᠩᠭ᠋ᠤᠯ ᠡᠮ ᠡᠮᠨᠡᠯᠭᠡ ᠬᠢᠳᠠᠳ ᠡᠮ ᠡᠮᠨᠡᠯᠭᠡ ᠵᠢᠨ ᠲᠡᠯᠡᠭᠡᠢ ᠲᠡᠭᠡᠷᠡᠬᠢ ᠨᠦᠯᠦᠭᠡ ᠲᠤᠰᠬᠠᠯ ᠢ ᠦᠷᠭᠡᠳᠭᠡᠨ᠎ᠡ᠃

ᠢᠷᠡᠯᠳᠡ᠄ ᠠᠷᠠᠳ ᠤᠨ ᠰᠦᠯᠵᠢᠶ᠎ᠡ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120470811