蒙古文网站Logo
ᠰᠢᠨᠬᠤᠸᠠ ᠮᠤᠩᠭ᠋ᠤᠯ ᠨᠧᠲ

28 ᠮᠣᠵᠢ ᠬᠤᠲᠠ ᠶᠢᠨ ᠶᠠᠪᠤᠭᠤᠯ ᠬᠦᠮᠦᠨ ᠠᠮᠠ ᠥᠪᠦᠷ ᠮᠣᠩ᠋ᠭᠤᠯ ᠳᠤ ᠪᠡᠶ᠎ᠠ ᠶᠢᠨ ᠦᠨᠡᠮᠯᠡᠯ ᠬᠦᠢᠴᠡᠳᠭᠡᠵᠤ ᠪᠤᠯᠬᠤ ᠪᠤᠯᠪᠡ

2017-02-15 15:46

    2 ᠰᠠᠷ᠎ᠠ ᠶᠢᠨ 14 ᠤ ᠡᠳᠦᠷ ᠰᠤᠷᠪᠤᠯᠵᠢᠯᠠᠬᠴᠢ ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠲᠤᠲᠤᠭᠠᠲᠤ ᠶᠢ ᠬᠠᠮᠠᠭᠠᠯᠠᠬᠤ ᠲᠢᠩᠬᠢᠮ ᠡᠴᠡ ᠤᠶᠢᠯᠠᠭᠠᠭᠰᠠᠨ ᠢᠶᠡᠷ᠂ 2 ᠰᠠᠷ᠎ᠠ  ᠶᠢᠨ 20 ᠤ ᠡᠳᠦᠷ ᠡᠴᠡ ᠡᠬᠢᠯᠡᠨ ᠤᠷᠤᠨ ᠳᠠᠶᠠᠭᠠᠷ ᠤᠨ ᠲᠤᠳᠤᠭᠠᠲᠤ ᠶᠢ ᠬᠠᠮᠠᠭᠠᠯᠠᠬᠤ ᠪᠠᠶᠢᠭᠤᠯᠤᠮᠵᠢ ᠪᠡᠭᠡᠵᠢᠩ᠂ ᠾᠧᠪᠧᠢ᠂ ᠱᠠᠨ ᠰᠢ᠂ ᠱᠠᠨᠳᠦ᠋ᠩ᠂ ᠾᠧᠨᠠᠨ᠂ ᠭᠤᠧᠠᠩᠰᠢ᠂ ᠱᠠᠨᠰᠢ᠂ ᠭᠠᠨᠰᠤ᠂ ᠬᠦᠬᠡᠨᠠᠭᠤᠷ᠂ ᠨᠢᠩᠰᠢᠶᠠ ᠵᠡᠷᠭᠡ 10 ᠮᠣᠵᠢ ᠶᠢᠨ (ᠬᠤᠲᠠ᠂ ᠥᠪᠡᠷᠲᠡᠬᠡᠨ ᠵᠠᠰᠠᠬᠤ ᠤᠷᠤᠨ) ᠥᠪᠦᠷ ᠮᠣᠩᠭ᠋ᠤᠯ ᠳᠤ ᠬᠠᠤᠯᠢ ᠶᠤᠰᠤ ᠪᠡᠷ ᠲᠤᠭᠲᠠᠨᠢᠬᠤ᠂ ᠠᠵᠢᠯᠯᠠᠬᠤ᠂ ᠰᠤᠷᠤᠯᠴᠠᠬᠤ᠂ ᠰᠠᠭᠤᠷᠢᠰᠢᠵᠤ ᠪᠠᠶᠢᠭ᠎ᠠ ᠶᠠᠪᠤᠭᠤᠯ ᠬᠦᠮᠦᠨ ᠠᠮᠠ ᠶᠢᠨ ᠪᠡᠶ᠎ᠠ ᠶᠢᠨ ᠦᠨᠡᠮᠯᠡᠯ  ᠰᠣᠯᠢᠵᠤ ᠨᠦᠬᠦᠪᠦᠷᠢᠯᠡᠬᠦ ᠭᠤᠶᠤᠴᠢᠯᠠᠯ ᠢ ᠡᠬᠢᠯᠡᠨ ᠬᠦᠢᠴᠡᠳᠭᠡᠬᠦ ᠪᠡᠷ ᠪᠤᠯᠤᠯ᠎ᠠ᠃ ᠡᠬᠦᠨ ᠡᠴᠡ᠂ ᠥᠪᠦᠷ ᠮᠣᠩᠭ᠋ᠤᠯ ᠤᠨ ᠲᠤᠳᠤᠭᠠᠲᠤ ᠶᠢ ᠬᠠᠮᠠᠭᠠᠯᠠᠬᠤ ᠪᠠᠶᠢᠭᠤᠯᠤᠮᠵᠢ ᠶᠢᠨ ᠮᠣᠵᠢ ᠠᠯᠤᠰᠯᠠᠨ ᠪᠡᠶ᠎ᠠ ᠶᠢᠨ ᠦᠨᠡᠮᠯᠡᠯ ᠢ ᠬᠦᠢᠴᠡᠳᠭᠡᠨ ᠰᠢᠢᠳᠪᠤᠷᠢᠯᠡᠬᠦ ᠥᠢᠯᠡᠴᠢᠯᠡᠭᠡ ᠤᠭ ᠤᠨ 18 ᠮᠤᠵᠢ ᠬᠤᠲᠠ ᠪᠠᠶᠢᠭᠰᠠᠨ ᠡᠴᠡ ᠤᠳᠤ 28 ᠮᠤᠵᠢ ᠬᠤᠲᠠ ᠪᠤᠯᠪᠠ᠃

ᠢᠷᠡᠯᠳᠡ᠄ ᠥᠪᠦᠷ ᠮᠣᠩᠭ᠋ᠤᠯ ᠤᠨ ᠰᠣᠨᠢᠨ ᠮᠡᠳᠡᠭᠡᠨ ᠤ ᠨᠧᠲ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120472468