蒙古文网站Logo
ᠰᠢᠨᠬᠤᠸᠠ ᠮᠤᠩᠭ᠋ᠤᠯ ᠨᠧᠲ

ᠨᠢᠳᠤᠨᠤᠨ ᠦᠪᠦᠷ ᠮᠣᠩᠭᠣᠯ ᠤᠨ ᠰᠢᠨ᠎ᠠ ᠪᠡᠷ ᠨᠡᠮᠡᠭᠳᠡᠭᠰᠡᠨ ᠡᠯ᠎ᠠ ᠲᠦᠷᠦᠯ ᠤᠨ ᠬᠦᠷᠦᠩᠭᠡ ᠪᠤᠰᠬᠠᠯᠲᠠ 5171 ᠳ᠋ᠦᠩᠰᠢᠭᠤᠷ ᠲᠦᠬᠦᠷᠢᠭ᠌ ᠲᠤ ᠬᠦᠷᠪᠠ

2017-02-15 16:25

    ᠰᠤᠷᠪᠤᠯᠵᠢᠯᠠᠭᠴᠢ 2 ᠰᠠᠷ᠎ᠠ ᠶᠢᠨ 13 ᠤ ᠡᠳᠦᠷ ᠶᠠᠪᠤᠭᠳᠠᠭᠤᠯᠤᠭᠰᠠᠨ ᠤᠷᠤᠨ ᠳᠠᠶᠠᠭᠠᠷ ᠤᠨ ᠮᠦᠩᠭᠦᠨ ᠭᠦᠢᠯᠭᠡᠭᠡᠨ ᠤ ᠠᠵᠢᠯ ᠤᠨ ᠲᠸᠯᠸᠢᠰ ᠤᠳᠠᠰᠤ ᠬᠤᠷᠠᠯ ᠡᠴᠡ ᠤᠶᠢᠯᠠᠭᠠᠭᠰᠠᠨ ᠢᠶᠡᠷ᠂ 2016 ᠤᠨ ᠳᠤ ᠦᠪᠦᠷ ᠮᠣᠩᠭᠣᠯ ᠤᠨ ᠰᠢᠨ᠎ᠠ ᠪᠡᠷ ᠨᠡᠮᠡᠭᠳᠡᠭᠰᠡᠨ ᠡᠯ᠎ᠠ ᠲᠦᠷᠦᠯ ᠤᠨ ᠬᠦᠷᠦᠩᠭᠡ ᠪᠤᠰᠬᠠᠯᠲᠠ 5171 ᠳ᠋ᠦᠩᠰᠢᠭᠤᠷ ᠲᠦᠬᠦᠷᠢᠭ᠌ ᠲᠤ ᠬᠦᠷᠴᠤ᠂ ᠤᠷᠤᠨ ᠳᠠᠶᠠᠭᠠᠷ ᠤᠨ ᠡᠳ᠋ ᠤᠨ ᠵᠠᠰᠠᠬ ᠨᠡᠶᠢᠭᠡᠮ ᠤᠨ ᠬᠦᠭ᠍ᠵᠢᠯᠲᠠ ᠶᠢ ᠬᠦᠴᠦᠲᠠᠢ ᠳᠡᠮᠵᠢᠪᠠ᠃

    ᠨᠢᠳᠤᠨᠤᠨ᠂ ᠤᠷᠤᠨ ᠳᠠᠶᠠᠭᠠᠷ ᠤᠨ ᠮᠦᠩᠭᠦᠨ ᠭᠦᠢᠯᠭᠡᠭᠡᠨ ᠤ ᠰᠢᠰᠲ᠋ᠧᠮ ᠨᠡᠭᠡᠭᠡᠯᠳᠡ ᠲᠠᠢ᠂ ᠪᠠᠲᠤᠲᠠᠢ ᠠᠵᠢᠯᠯᠠᠬᠰᠠᠨ ᠢᠶᠡᠷ ᠮᠦᠩᠭᠦᠨ ᠭᠦᠢᠯᠭᠡᠭᠡᠨ ᠤ ᠦᠢᠯᠡᠰ ᠤᠨ ᠬᠦᠷᠢᠶ᠎ᠠ ᠴᠠᠷ᠎ᠠ᠂ ᠬᠤᠷᠳᠤᠴᠠ᠂ ᠴᠢᠨᠠᠷ ᠴᠢᠨᠰᠠᠭ᠎ᠠ᠂ ᠦᠷ᠎ᠠ ᠠᠰᠢᠭ ᠬᠠᠮᠲᠤ ᠶᠢᠨ ᠬᠦᠭ᠍ᠵᠢᠯᠲᠠ ᠳ᠋ᠦ ᠬᠦᠷᠪᠡ᠃ ᠤᠷᠤᠨ ᠳᠠᠶᠠᠭᠠᠷ ᠤᠨ ᠮᠦᠩᠭᠦᠨ ᠬᠦᠢᠯᠭᠡᠭᠡᠨ ᠤ ᠦᠢᠯᠡᠰ ᠤᠨ ᠨᠡᠮᠡᠯᠲᠠ ᠦᠷᠲᠡᠭ 992 ᠳ᠋ᠦᠩᠰᠢᠭᠤᠷ ᠲᠦᠬᠦᠷᠢᠭ᠌ ᠲᠦ ᠬᠦᠷᠴᠤ᠂ ᠭᠤᠷᠪᠠᠳᠤᠭᠠᠷ ᠠᠵᠤ ᠦᠢᠯᠡᠳᠪᠦᠷᠢ ᠶᠢᠨ ᠬᠤᠪᠢ ᠶᠢᠨ ᠵᠢᠩ ᠤᠨ 12.5% ᠶᠢ ᠡᠵᠠᠯᠠᠨ᠂ GDP ᠶᠢᠨ ᠬᠤᠪᠢ ᠶᠢᠨ ᠵᠢᠩ ᠤᠨ 5% ᠶᠢ ᠡᠵᠠᠯᠠᠵᠤ᠂ 2015 ᠤᠨ ᠤ ᠬᠢ ᠡᠴᠡ ᠲᠤᠰ ᠪᠦᠷᠢ ᠵᠠᠭᠤᠨ ᠤ 1 ᠪᠤᠯᠤᠨ 0.4 ᠪᠡᠷ ᠦᠰᠪᠡ᠃ ᠰᠢᠨ᠎ᠠ ᠪᠡᠷ ᠨᠡᠮᠡᠭᠳᠡᠭᠰᠡᠨ ᠡᠯ᠎ᠠ ᠲᠦᠷᠦᠯ ᠤᠨ ᠬᠦᠷᠦᠩᠭᠡ ᠪᠤᠰᠬᠠᠯᠲᠠ ᠳᠤ ᠰᠢᠨ᠎ᠠ ᠪᠡᠷ ᠨᠡᠮᠡᠭᠳᠡᠭᠰᠡᠨ ᠵᠢᠭᠡᠯᠡᠯᠭᠡ 2220 ᠳ᠋ᠦᠩᠰᠢᠭᠤᠷ ᠲᠦᠬᠦᠷᠢᠭ᠌ ᠬᠦᠷᠴᠤ᠂ ᠰᠢᠭᠤᠳ ᠬᠦᠷᠦᠩᠭᠡ ᠪᠤᠰᠬᠠᠯᠲᠠ 1280 ᠳ᠋ᠦᠩᠰᠢᠭᠤᠷ  ᠲᠦᠬᠦᠷᠢᠭ᠌ ᠲᠤ ᠬᠦᠷᠴᠦ᠂ ᠢᠳᠡᠭᠡᠮᠵᠢᠲᠤ ᠮᠦᠩᠭᠦ᠂ ᠰᠠᠭᠤᠷᠢ ᠮᠦᠩᠭᠦ᠂ ᠳᠠᠭᠠᠳᠬᠠᠯ ᠵᠡᠷᠭᠡ ᠪᠤᠰᠤᠳ ᠵᠦᠢᠯ ᠤᠨ ᠬᠦᠷᠦᠩᠬᠡ ᠪᠤᠰᠬᠠᠯᠲᠠ 1671 ᠳ᠋ᠦᠩᠰᠢᠭᠤᠷ  ᠲᠦᠬᠦᠷᠢᠭ᠌ ᠲᠤ ᠬᠦᠷᠴᠠᠢ᠃ ᠡᠭᠦᠨ ᠡᠴᠡ ᠭᠠᠳᠠᠨ᠎ᠠ᠂ ᠳᠠᠭᠠᠳᠬᠠᠯ ᠤᠨ ᠮᠦᠩᠭᠦ ᠶᠢᠨ ᠤᠷᠤᠯᠭ᠎ᠠ 487 ᠳ᠋ᠦᠩᠰᠢᠭᠤᠷ ᠲᠦᠬᠦᠷᠢᠭ᠌ ᠲᠤ ᠬᠦᠷᠴᠤ᠂ ᠦᠩᠭᠡᠷᠡᠭᠰᠡᠨ ᠤᠨ ᠤ ᠮᠦᠨ ᠦᠶ᠎ᠠ ᠡᠴᠡ 23% ᠪᠡᠷ ᠨᠡᠮᠡᠭᠳᠡᠪᠡ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ᠎)

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120472848