蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 83% ᠶᠢᠨ ᠬᠦᠳᠡᠭᠡ ᠤᠷᠤᠨ ᠨᠤᠳᠤᠭ ᠲᠤ ᠪᠤᠤᠭᠢᠶ ᠠ ᠦᠢᠯᠡᠴᠢᠯᠡᠭᠡ ᠲᠠᠢ ᠪᠤᠯᠭᠠᠨ᠎ᠠ

2017-02-15 16:44

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠤᠳᠠᠨ ᠦᠢᠯᠡᠴᠢᠯᠡᠭᠡ ᠶᠢᠨ ᠬᠠᠮᠢᠶᠠᠷᠤᠯᠲᠠ ᠶᠢᠨ ᠲᠤᠪᠴᠢᠶᠠᠨ ᠤ 2 ᠰᠠᠷ᠎ᠠ ᠶᠢᠨ 13 ᠤ ᠡᠳᠦᠷ ᠤᠨ ᠮᠡᠳᠡᠬᠡ ᠶᠢ ᠦᠨᠳᠦᠰᠦᠯᠡᠪᠡᠯ᠂ ᠦᠪᠦᠷ ᠮᠣᠩᠭᠣᠯ ᠦᠨᠦ ᠵᠢᠯ《ᠪᠤᠤᠭᠢᠶ᠎ᠠ ᠦᠢᠯᠡᠴᠢᠯᠡᠭᠡ ᠶᠢ ᠬᠦᠳᠡᠭᠡ ᠪᠠᠭᠤᠯᠭᠠᠬᠤ》ᠳᠦᠰᠦᠯ ᠢ ᠦᠷᠭᠦᠯᠵᠢᠯᠠᠨ ᠬᠡᠷᠡᠭᠵᠢᠬᠦᠯᠵᠤ᠂ 83% ᠡᠴᠡ ᠳᠡᠬᠡᠭᠰᠢᠬᠢ ᠬᠦᠳᠡᠬᠡ ᠤᠷᠤᠨ ᠨᠤᠳᠤᠭ ᠲᠤ ᠪᠤᠤᠭᠢᠶ ᠠ ᠦᠢᠯᠡᠴᠢᠯᠡᠭᠡ ᠲᠠᠢ ᠪᠤᠯᠭᠠᠬᠤ ᠪᠡᠷ ᠵᠤᠷᠢᠵᠤ ᠪᠤᠢ᠃ ᠬᠡᠬᠦ ᠳ᠋ᠡᠬᠡᠨ ᠪᠦᠰᠡ ᠨᠤᠲᠤᠭ ᠤᠨ ᠪᠠᠶᠢᠳᠠᠯ ᠢ ᠦᠨᠳᠦᠰᠦᠯᠡᠨ ᠡᠬᠢ ᠰᠤᠷᠪᠤᠯᠵᠢ ᠲᠤᠬᠢᠷᠠᠭᠤᠯᠵᠤ᠂ ᠠᠶᠢᠮᠠᠭ ᠬᠤᠲᠠ ᠶᠢᠨ ᠲᠤᠰᠬᠠᠢ ᠲᠦᠷᠦᠯ ᠤᠨ ᠪᠤᠤᠭᠢᠶ᠎ᠠ ᠦᠢᠯᠡᠴᠢᠯᠡᠭᠡᠨ ᠤ ᠬᠦᠷᠢᠶᠡᠯᠡᠩ ᠤᠨ ᠪᠠᠶᠢᠭᠤᠯᠤᠯᠲᠠ ᠶᠢ ᠦᠷᠭᠦᠯᠵᠢᠯᠠᠨ ᠠᠬᠢᠭᠤᠯᠵᠤ᠂《ᠠᠶᠢᠮᠠᠭ ᠬᠤᠲᠠ  ᠪᠤᠯᠭᠠᠨ ᠬᠦᠷᠢᠶᠡᠯᠡᠩ ᠲᠠᠢ ᠪᠠᠶᠢᠬᠤ 》ᠠᠵᠢᠯ ᠤᠨ ᠬᠠᠷᠠᠯᠲᠠ ᠶᠢ ᠦᠨᠳᠦᠰᠦᠨ ᠳᠡᠬᠡᠨ ᠪᠡᠶᠡᠯᠡᠭᠦᠯᠦᠨ᠎ᠠ᠃

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠤᠳᠠᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠦᠬᠦᠴᠡᠯ ᠪᠤᠯᠤᠯᠴᠠᠭ᠎ᠠ ᠲᠠᠢ ᠪᠦᠰᠡ ᠨᠤᠲᠤᠭ ᠲᠤ ᠬᠤᠰᠢᠭᠤ ᠰᠢᠶᠠᠨ ᠤ ᠪᠤᠤᠭᠢᠶ᠎ᠠ ᠦᠢᠯᠡᠴᠢᠯᠡᠭᠡᠨ ᠤ ᠬᠤᠪᠢᠶᠠᠨ ᠪᠠᠭᠤᠯᠭᠠᠬᠤ ᠲᠦᠪ ᠤᠨ ᠪᠠᠶᠢᠭᠤᠯᠤᠯᠲᠠ ᠵᠢ ᠦᠷᠭᠦᠯᠵᠢᠯᠠᠨ ᠰᠠᠢᠢᠵᠢᠷᠠᠭᠤᠯᠵᠦ᠂ ᠰᠢᠶᠠᠩ ᠪᠠᠯᠭᠠᠰᠤᠨ ᠳ᠋ᠦ ᠨᠡᠶᠢᠲᠡ ᠶᠢᠨ ᠬᠤᠷᠢᠶᠠᠨ ᠢᠯᠡᠭᠡᠬᠦ ᠲᠠᠪᠴᠠᠩ ᠤᠨ ᠪᠠᠶᠢᠭᠤᠯᠤᠯᠲᠠ ᠵᠢ ᠲᠦᠷᠭᠡᠳᠬᠡᠨ᠎ᠠ᠃ ᠰᠢᠤᠳᠠᠨ ᠦᠢᠯᠡᠴᠢᠯᠡᠬᠡᠨ ᠤ ᠲᠦᠭᠡᠮᠡᠯ ᠦᠢᠯᠡᠴᠢᠯᠡᠬᠦ ᠲᠡᠭᠦᠰᠭᠡᠯ ᠤᠨ ᠰᠦᠯᠵᠢᠶ᠎ᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠤ᠂ ᠭᠠᠴᠠᠭ᠎ᠠ ᠲᠤᠰᠬᠤᠨ ᠤ ᠱᠠᠳᠤᠨ ᠤ ᠶᠡᠷᠦᠩᠬᠡᠶᠢᠯᠡᠭᠰᠡᠨ ᠲᠦᠭᠦᠮ ᠦᠵᠡᠭᠦᠯᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠠᠢᠢᠭᠤᠯᠤᠮᠵᠢᠳᠦ ᠲᠤᠰᠬᠤᠨ ᠳᠤ ᠰᠢᠭᠤᠳ ᠰᠢᠤᠳᠠᠨ ᠨᠡᠪᠲᠡᠷᠡᠬᠦ ᠲᠤᠷᠰᠢᠯᠲᠠ ᠶᠢᠨ ᠴᠢᠬ ᠢ ᠪᠠᠶᠢᠭᠤᠯᠵᠤ᠂ 60% ᠡᠴᠡ ᠳᠡᠭᠡᠭ᠍ᠰᠢᠬᠢ ᠨᠤᠳᠤᠭ ᠲᠤ ᠰᠢᠭᠤᠳ ᠰᠢᠤᠳᠠᠨ ᠨᠡᠪᠲᠡᠷᠡᠬᠦ ᠶᠢ ᠪᠠᠶᠠᠯᠠᠭᠦᠯᠦᠨ᠂ ᠬᠦᠳᠡᠭᠡ ᠤᠷᠤᠨ ᠨᠤᠲᠤᠭ ᠤᠨ ᠲᠡᠭᠦᠰᠭᠡᠯ ᠤᠨ ᠰᠢᠤᠳᠠᠨ ᠳᠠᠮᠵᠢᠭᠤᠯᠤᠯᠭ᠎ᠠ ᠶᠢᠨ ᠴᠢᠳᠠᠪᠬᠢ ᠪᠤᠯᠤᠨ ᠬᠢᠷᠢ ᠲᠦᠪᠰᠢᠨ ᠢ ᠪᠦᠬᠦ ᠲᠠᠯ᠎ᠠ ᠪᠡᠷ ᠳᠡᠭᠡᠭ᠍ᠰᠢᠯᠡᠭᠦᠯᠦᠨ᠎ᠠ᠃ ᠪᠤᠤᠭᠢᠶ᠎ᠠ ᠦᠢᠯᠡᠴᠢᠯᠡᠭᠡᠨ ᠤ ᠳᠦᠰᠦᠯ ᠢ ᠦᠷᠭᠡᠳᠭᠡᠵᠤ᠂ ᠤᠳᠤᠬᠠᠨ ᠤ ᠪᠠᠶᠢᠭ᠎ᠠ 48 ᠭᠤᠤᠯᠳᠠᠯᠭ᠎ᠠ ᠲᠠᠢ ᠦᠢᠯᠡᠴᠢᠯᠡᠭᠡᠨ ᠤ ᠲᠦᠰᠦᠯ ᠢ ᠦᠷᠭᠦᠯᠵᠢᠯᠠᠨ ᠬᠡᠷᠡᠭᠵᠢᠭᠦᠯᠬᠦ  ᠶᠢᠨ ᠬᠠᠮᠲᠤ ᠵᠢᠱᠢᠶᠡᠴᠢ ᠲᠦᠰᠦᠯ  ᠤᠨ ᠬᠤᠯᠪᠤᠭᠳᠠᠬᠤ ᠬᠦᠷᠢᠶ᠎ᠠ ᠴᠠᠷ᠎ᠠ ᠶᠢ ᠦᠷᠭᠡᠳᠭᠡᠨ᠎ᠠ᠃ ᠵᠢᠯ ᠤᠨ ᠡᠴᠤᠰ ᠪᠤᠯᠲᠠᠯ᠎ᠠ ᠦᠢᠯᠡᠴᠢᠯᠡᠭᠡᠨ ᠤ ᠦᠢᠯᠡᠳᠪᠦᠷᠢᠯᠡᠬᠦ ᠠᠵᠤ ᠦᠢᠯᠡᠰ ᠤᠨ ᠲᠦᠷᠭᠡᠨ ᠢᠯᠡᠭᠡᠮᠵᠢ ᠶᠢᠨ ᠬᠡᠮᠵᠢᠶ᠎ᠠ ᠶᠢ 2000 ᠲᠦᠮᠡ ᠡᠴᠡ ᠳᠠᠪᠠᠭᠤᠯᠵᠤ᠂ ᠨᠡᠶᠢᠳᠡ ᠤᠷᠤᠯᠭ᠎ᠠ ᠶᠢ 2 ᠳ᠋ᠦᠩᠰᠢᠭᠤᠷ ᠲᠦᠭᠦᠷᠢᠭ᠌ ᠡᠴᠡ ᠳᠠᠪᠠᠭᠤᠯᠬᠤ ᠪᠡᠷ ᠴᠢᠷᠮᠠᠶᠢᠨ᠎ᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠰᠠᠷᠠᠨᠲᠤᠶᠠᠭ᠎ᠠ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011100001120473142