蒙古文网站Logo
ᠰᠢᠨᠬᠤᠸᠠ ᠮᠤᠩᠭ᠋ᠤᠯ ᠨᠧᠲ

2016 ᠤᠨ ᠳᠤ ᠤᠯᠠᠭᠠᠨᠬᠠᠲᠠ ᠬᠤᠲᠠ PPP ᠳᠤ ᠬᠦᠷᠦᠩᠭᠡ ᠪᠤᠰᠬᠠᠠᠯᠳᠠ ᠪᠡᠷ ᠤᠷᠤᠨ ᠳᠠᠶᠠᠭᠠᠷ ᠲᠤ ᠲᠡᠷᠢᠭᠦᠯᠡᠪᠠ

2017-02-16 16:15

    2016 ᠤᠨ ᠳᠤ ᠤᠯᠠᠭᠠᠨᠬᠠᠳᠠ ᠬᠤᠲᠠ PPP ᠳᠤ ᠬᠦᠷᠦᠩᠭᠡ ᠪᠤᠰᠬᠠᠬᠤ ᠵᠠᠭᠪᠤᠷ  ᠤᠨ ᠠᠬᠢᠴᠠ ᠬᠤᠷᠳᠤᠨ ᠪᠠᠶᠢᠵᠤ ᠳᠤᠪᠤᠶᠢᠮ᠎ᠠ ᠠᠮᠵᠢᠯᠲᠠ ᠤᠯᠪᠠ᠃ ᠤᠯᠠᠭᠠᠬᠠᠳᠠ ᠬᠤᠲᠠ ᠨᠡᠶᠢᠲᠡ 71 PPP ᠤᠨ ᠲᠦᠰᠦᠯ ᠢ ᠠᠬᠢᠭᠤᠯᠵᠤ᠂ ᠶᠡᠷᠦᠩᠬᠡᠢ ᠬᠦᠷᠦᠩᠭᠡ ᠤᠷᠤᠭᠤᠯᠤᠯᠲᠠ 839.3 ᠳ᠋ᠦᠩᠰᠢᠭᠤᠷ ᠲᠦᠬᠦᠷᠢᠭ᠌ ᠲᠤ ᠬᠦᠷᠪᠡ᠂ ᠡᠭᠦᠨ ᠳᠤ22 ᠬᠤᠲᠠ ᠶᠢᠨ ᠱᠠᠲᠤᠨ ᠤ᠂ 49 ᠬᠤᠰᠢᠭᠤ ᠰᠢᠶᠠᠨ ᠤ ᠱᠠᠲᠤᠨ ᠤ ᠲᠦᠰᠦᠯ ᠪᠤᠢ᠃ 2016 ᠤᠨ ᠤ ᠵᠢᠯ ᠤᠨ ᠰᠡᠭᠦᠯᠴᠢ ᠪᠤᠯᠲᠠᠯ᠎ᠠ᠂ 30 ᠲᠦᠰᠦᠯ ᠢ ᠡᠬᠢᠯᠡᠨ ᠪᠠᠶᠢᠭᠤᠯᠵᠤ᠂ ᠨᠡᠶᠢᠭᠡᠮ ᠤᠨ ᠬᠦᠷᠦᠩᠭᠡ ᠶᠢᠨ ᠲᠠᠯ᠎ᠠ ᠳᠤ11 ᠲᠦᠰᠦᠯ ᠢ ᠨᠠᠶᠢᠳᠠᠪᠤᠷᠢᠵᠢᠭᠤᠯᠤᠨ᠂ 2 ᠲᠦᠰᠦᠯ ᠨᠢ ᠬᠤᠳᠠᠯᠳᠤᠨ ᠠᠪᠬᠤ ᠬᠤᠭᠤᠴᠠᠭᠠᠨ ᠳᠤ ᠪᠠᠶᠢᠵᠤ᠂ ᠡᠬᠢᠨ ᠤ ᠦᠶ᠎ᠠ ᠶᠢᠨ ᠪᠡᠯᠡᠳᠭᠡᠯ ᠤᠨ ᠱᠠᠲᠤᠨ ᠳᠤ 28 ᠲᠦᠰᠦᠯ ᠲᠠᠢ᠂ ᠲᠦᠰᠦᠯ ᠤᠨ ᠪᠡᠶᠡᠯᠡᠭᠦᠯᠦᠭᠰᠡᠨ ᠨᠤᠷᠮ᠎ᠠ ᠤᠷᠤᠨ ᠳᠠᠶᠠᠭᠠᠷ ᠲᠤ ᠲᠡᠷᠢᠭᠦᠯᠡᠪᠠ᠃ ᠨᠡᠶᠢᠲᠡ 251 ᠲᠦᠰᠦᠯ ᠡᠳ᠋ ᠤᠨ ᠵᠠᠰᠠᠭ ᠤᠨ ᠶᠠᠮᠤᠨ ᠤ PPP  ᠶᠡᠷᠦᠩᠬᠡᠶᠢᠯᠡᠭᠰᠡᠨ ᠰᠤᠷᠠᠭ ᠵᠠᠩᠭᠢ ᠶᠢᠨ ᠲᠠᠪᠴᠠᠩ ᠤᠨ ᠰᠢᠰᠲ᠋ᠧᠮ ᠳᠤ ᠪᠦᠷᠢᠳᠭᠡᠭᠦᠯᠦᠭᠳᠡᠵᠤ᠂ ᠤᠷᠤᠨ ᠳᠠᠶᠠᠭᠠᠷ ᠤᠨ 30% ᠶᠢ ᠡᠵᠡᠯᠡᠨ᠂ ᠤᠷᠤᠨ ᠳᠠᠶᠠᠭᠠᠷ ᠤᠨ ᠲᠡᠷᠢᠭᠦᠨ ᠳᠤ ᠪᠠᠶᠢᠷᠢᠯᠠᠵᠤ᠂ ᠶᠡᠷᠦᠩᠭᠡᠢ ᠬᠦᠷᠦᠩᠭᠡ ᠤᠷᠤᠭᠤᠯᠤᠯᠲᠠ ᠨᠢ 1666.1 ᠳ᠋ᠦᠩᠰᠢᠭᠤᠷ ᠲᠦᠬᠦᠷᠢᠭ᠌ ᠲᠤ ᠬᠦᠷᠴᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠲᠡᠷᠢᠭᠦᠨ ᠳᠤ ᠪᠠᠶᠢᠷᠢᠯᠠᠵᠠᠢ᠃ ᠨᠡᠶᠢᠲᠠ 17 ᠲᠦᠰᠦᠯ ᠦᠪᠦᠷ ᠮᠣᠩᠭᠣᠯ ᠤᠨ ᠦᠪᠡᠷᠲᠡᠬᠡᠨ ᠵᠠᠰᠠᠬᠤ ᠤᠷᠤᠨ ᠤ ᠭᠤᠤᠯᠳᠠᠯᠭᠠᠳᠤ ᠲᠠᠨᠢᠯᠴᠠᠭᠤᠯᠤᠨ ᠲᠡᠪᠰᠢᠭᠦᠯᠬᠦ ᠲᠦᠰᠦᠯ ᠤᠨ ᠬᠦᠮᠦᠷᠭᠡ ᠳᠤ ᠤᠷᠤᠭᠰᠠᠨ ᠪᠠᠶᠢᠨ᠎ᠠ᠃ ᠡᠭᠦᠨ ᠳᠤ 8 ᠲᠤᠮᠤ ᠲᠦᠰᠦᠯ ᠤᠯᠤᠰ ᠤᠨ ᠵᠢᠱᠢᠶ᠎ᠠ ᠦᠵᠡᠭᠦᠯᠬᠦ ᠲᠦᠰᠦᠯ ᠳᠤ ᠵᠢᠬᠰᠠᠭᠠᠭᠳᠠᠵᠤ᠂ ᠤᠯᠤᠰ ᠤᠨ ᠵᠢᠱᠢᠶ᠎ᠠ ᠦᠵᠡᠭᠦᠯᠬᠦ ᠲᠦᠰᠦᠯ ᠤᠨ ᠵᠢᠬᠰᠠᠭᠠᠯ ᠳᠤ ᠤᠷᠤᠭᠰᠠᠨ ᠲᠤᠭ᠎ᠠ ᠤᠷᠤᠨ ᠳᠠᠶᠠᠭᠠᠷ ᠲᠤ ᠲᠡᠷᠢᠭᠦᠯᠡᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠵᠠᠰᠠᠭ ᠤᠨ ᠤᠷᠳᠤᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120479125