蒙古文网站Logo
ᠰᠢᠨᠬᠤᠸᠠ ᠮᠤᠩᠭ᠋ᠤᠯ ᠨᠧᠲ

ᠨᠢᠳᠤᠨᠤᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠪᠤᠶᠠᠨ ᠤ ᠦᠢᠯᠡᠰ ᠤᠨ ᠶᠠᠷᠦᠩᠬᠡᠢ ᠡᠪᠯᠡᠯ ᠲᠠᠪᠬᠤᠷᠳᠠᠭᠰᠠᠨ ᠲᠤᠭ᠎ᠠ ᠪᠡᠷ 4664 ᠬᠦᠨᠲᠤ ᠡᠪᠡᠳᠴᠢᠨ ᠳᠤ ᠨᠡᠷᠪᠡᠭ᠍ᠰᠡᠳ ᠢ ᠲᠤᠰᠠᠯᠠᠪᠠ

2017-02-16 16:15

    ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠪᠤᠶᠠᠨ ᠤ ᠦᠢᠯᠡᠰ ᠤᠨ ᠶᠡᠷᠦᠨᠬᠡᠢ ᠡᠪᠯᠡᠯ ᠡᠴᠡ ᠤᠶᠢᠯᠠᠭᠠᠭᠰᠠᠨ ᠢᠶᠡᠷ᠂ 2016 ᠤᠨ ᠤ ᠦᠪᠦᠷ ᠮᠣᠩᠭᠣᠯ ᠤᠨ ᠪᠤᠶᠠᠨ ᠤ ᠦᠢᠯᠡᠰ ᠤᠨ ᠶᠡᠷᠦᠩᠬᠡᠢ ᠡᠪᠯᠡᠯ ᠲᠠᠪᠬᠤᠷᠳᠠᠭᠰᠠᠨ ᠲᠤᠭ᠎ᠠ ᠪᠡᠷ 4664 ᠬᠦᠨᠲᠤ ᠡᠪᠡᠳᠴᠢᠨ ᠳᠤ ᠨᠡᠷᠪᠡᠭ᠍ᠰᠡᠳ ᠢ 4244.35ᠲᠦᠮᠡᠨ ᠲᠦᠬᠦᠷᠢᠭ᠌ ᠢᠢᠡᠷ ᠲᠤᠰᠠᠯᠠᠵᠤ᠂ 8699.19 ᠲᠦᠮᠡᠨ ᠲᠦᠬᠦᠷᠢᠭ᠌ ᠤᠨ ᠡᠮ ᠲᠠᠩ ᠲᠤᠰᠠᠯᠠᠵᠠᠢ᠃

    ᠡᠭᠦᠨ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠬᠦᠨᠲᠤ ᠡᠪᠡᠳᠴᠢᠨ ᠤ ᠪᠤᠶᠠᠨ ᠤ ᠦᠢᠯᠡᠰ ᠤᠨ ᠡᠮᠴᠢᠯᠡᠭᠡᠨ ᠤ ᠲᠤᠰᠠᠯᠠᠮᠵᠢ ᠶᠢᠨ ᠰᠠᠭᠤᠷᠢ ᠮᠦᠩᠭᠦᠨ ᠤ ᠲᠦᠰᠦᠯ ᠡᠴᠡ ᠨᠡᠶᠢᠲᠡ 3764.60 ᠲᠦᠮᠠᠨ ᠲᠦᠬᠦᠷᠢᠭ᠌ ᠤᠨ ᠲᠤᠰᠠᠯᠠᠮᠵᠢ ᠶᠢᠨ ᠮᠦᠩᠬᠦ ᠪᠡᠷ ᠲᠤᠰᠠᠯᠠᠪᠠ᠃ ᠤᠷᠤᠨ ᠳᠠᠶᠠᠭᠠᠷ ᠤᠨ ᠶᠠᠳᠠᠭᠤ ᠬᠦᠴᠢᠷᠳᠡᠯᠲᠠᠢ ᠭᠡᠷ ᠪᠦᠯᠢ ᠶᠢᠨ ᠬᠡᠤᠬᠡᠳ ᠤᠨ ᠬᠦᠨᠲᠤ ᠡᠪᠡᠳᠴᠢᠨ ᠤ ᠪᠤᠶᠠᠨ ᠤ ᠠᠪᠤᠷᠠᠨ ᠲᠤᠰᠠᠯᠠᠬᠤ ᠯᠤᠤ ᠨᠢᠤ ᠲᠤᠰᠬᠠᠢ ᠲᠦᠷᠦᠯ ᠤᠨ 150 ᠲᠦᠮᠡᠨ ᠲᠦᠬᠦᠷᠢᠭ᠌ ᠤᠨ ᠲᠤᠰᠠᠯᠠᠮᠵᠢ ᠶᠢᠨ ᠮᠦᠩᠬᠦ ᠪᠡᠷ ᠲᠤᠰᠠᠯᠠᠵᠠᠢ᠃ ᠮᠦᠰᠢᠶᠠᠯ ᠭᠠᠯᠲᠤ ᠲᠡᠷᠭᠡᠨ ᠤ ᠲᠦᠰᠦᠯ ᠡᠪᠡᠳᠴᠢᠳᠡᠨ ᠤ ᠡᠮᠨᠡᠯᠭᠡ ᠶᠢᠨ ᠰᠦᠢᠳᠭᠡᠯ ᠢ ᠨᠢ17.2 ᠲᠦᠮᠡᠨ ᠲᠦᠬᠦᠷᠢᠭ᠌ ᠬᠠᠰᠤᠵᠤ ᠬᠡᠯᠳᠤᠷᠢᠭᠦᠯᠪᠠ᠃ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ 《ᠬᠠᠶᠢᠷ᠎ᠠ》 ᠶᠢᠨ ᠠᠵᠢᠯᠯᠠᠭ᠎ᠠ-- ᠲᠦᠷᠦᠯᠬᠢ ᠵᠢᠷᠦᠬᠡᠨ ᠡᠪᠳᠴᠢᠨ ᠲᠠᠢ ᠶᠠᠳᠠᠭᠤ ᠬᠦᠴᠢᠷᠳᠡᠯᠲᠠᠢ ᠬᠡᠤᠬᠡᠳ ᠢ ᠠᠪᠤᠷᠠᠨ ᠲᠤᠰᠠᠯᠠᠬᠤ ᠲᠦᠯᠦᠪᠯᠡᠭᠡ ᠶᠢᠨ ᠲᠦᠰᠦᠯ ᠡᠴᠡ 289.35 ᠲᠦᠮᠡᠨ ᠲᠦᠬᠦᠷᠢᠭ᠌ ᠤᠨ ᠮᠡᠰᠡ ᠵᠠᠰᠠᠯ ᠤᠨ ᠰᠦᠢᠳᠭᠡᠯ ᠢ ᠰᠢᠯᠵᠢᠭᠦᠯᠦᠨ ᠲᠤᠰᠠᠯᠠᠵᠤ᠂ ᠡᠪᠡᠳᠴᠢᠨ ᠲᠠᠢ ᠬᠡᠤᠬᠡᠳ ᠤᠨ ᠨᠦᠬᠦᠪᠦᠷᠢ ᠮᠦᠩᠭᠦ 23.2 ᠲᠦᠮᠡᠨ ᠲᠦᠬᠦᠷᠢᠭ᠌ ᠲᠤᠰᠠᠯᠠᠵᠠᠢ᠃ ᠡᠮ ᠤᠨ ᠲᠤᠰᠠᠯᠠᠮᠵᠢ ᠶᠢᠨ ᠲᠦᠰᠦᠯ ᠡᠴᠡ ᠨᠡᠶᠢᠲᠡ 8699.19 ᠲᠦᠮᠡᠨ ᠲᠦᠬᠦᠷᠢᠭ᠌ ᠤᠨ ᠦᠷᠲᠡᠭ ᠲᠠᠢ ᠡᠮ ᠲᠠᠩ ᠬᠠᠨᠳᠢᠪᠯᠠᠪᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
  • 《ᠮᠢᠨᠦ ᠰᠠᠢᠢᠬᠠᠨ ᠮᠤᠩᠭ᠋ᠤᠯ ᠬᠡᠯᠡ》 ᠤᠷᠲᠤᠰ ᠬᠤᠲᠠ ᠶᠢᠨ ᠤᠯᠠᠭᠠᠭᠴᠢᠨ ᠲᠠᠬᠢᠶ᠎ᠠ ᠵᠢᠯ ᠤᠨ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ ᠦᠲᠡᠰᠢᠯᠡᠭᠡ (ᠨᠢᠭᠡ )
关闭
010070230030000000000000011120691120479131