蒙古文网站Logo
ᠰᠢᠨᠬᠤᠸᠠ ᠮᠤᠩᠭ᠋ᠤᠯ ᠨᠧᠲ

ᠨᠢᠳᠤᠨᠤᠨ ᠦᠪᠦᠷ ᠮᠤᠩᠭ᠋ᠤᠯ 400 ᠲᠦᠮᠡᠨ ᠮᠦ ᠶᠢᠨ ᠲᠠᠷᠢᠶᠠᠯᠠᠩ ᠤᠨ ᠦᠨᠳᠦᠰᠦᠨ ᠪᠠᠶᠢᠭᠤᠯᠤᠯᠳᠠ ᠶᠢ ᠲᠡᠭᠡᠳᠤ ᠪᠠᠷᠢᠮᠵᠢᠶ᠎ᠠ ᠪᠡᠷ ᠪᠡᠶᠡᠯᠡᠬᠦᠯᠵᠡᠢ

2017-02-20 16:27

    2 ᠰᠠᠷ᠎ᠠ ᠶᠢᠨ 18 ᠤ ᠡᠳᠤᠷ᠂ ᠰᠤᠷᠪᠤᠯᠵᠢᠯᠠᠭᠴᠢ ᠤᠷᠤᠨ ᠲᠠᠶᠠᠭᠠᠷ ᠤᠨ ᠤᠯᠤᠰ ᠤᠨ ᠭᠠᠵᠠᠷ ᠰᠢᠷᠦᠢ ᠶᠢᠨ ᠡᠬᠢ ᠪᠠᠶᠠᠯᠢᠭ ᠤᠨ ᠠᠵᠢᠯ ᠪᠤᠯᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠤᠷᠠᠯ ᠡᠴᠡ ᠤᠶᠢᠯᠠᠭᠠᠭᠰᠠᠨ ᠢᠶᠡᠷ᠂ ᠨᠢᠳᠤᠨᠤᠨ ᠦᠪᠦᠷ ᠮᠤᠩᠭ᠋ᠤᠯ ᠪᠦᠬᠦ ᠵᠢᠯ ᠳᠤ 40 ᠳ᠋ᠦ᠋ᠩᠰᠢᠭᠤᠷ ᠲᠦᠭᠦᠷᠢᠭ᠌᠌ ᠤᠨ ᠪᠡᠯᠡ ᠤᠷᠤᠭᠤᠯᠵᠤ᠂ 400 ᠲᠦᠮᠡᠨ ᠮᠦ ᠶᠢᠨ ᠲᠠᠷᠢᠶᠠᠯᠠᠩ ᠤᠨ ᠦᠨᠳᠦᠰᠦᠨ ᠪᠠᠶᠢᠭᠤᠯᠤᠯᠳᠠ ᠶᠢ ᠲᠡᠭᠡᠳᠤ ᠪᠠᠷᠢᠮᠵᠢᠶ᠎ ᠠ ᠪᠡᠷ ᠪᠡᠶᠡᠯᠡᠬᠦᠯᠵᠡᠢ᠃ 

    2016 ᠤᠨ ᠳᠤ ᠦᠪᠦᠷ ᠮᠤᠩᠭ᠋ᠤᠯ ᠠᠶᠢᠮᠠᠭ ᠬᠤᠳᠠ᠂ ᠬᠤᠰᠢᠭᠤ ᠰᠢᠶᠠᠨ ᠤ ᠲᠠᠷᠢᠶᠠᠨ ᠭᠠᠵᠠᠷ ᠤᠨ ᠴᠢᠨᠠᠷ ᠪᠤᠯᠤᠨ ᠦᠨᠳᠦᠰᠦᠨ ᠲᠠᠷᠢᠶᠠᠯᠠᠩ ᠤᠨ ᠬᠠᠮᠠᠭᠠᠯᠠᠯᠳᠠ ᠶᠢᠨ ᠡᠬᠦᠷᠬᠡ ᠶᠢ ᠲᠤᠬᠢᠷᠠᠭᠤᠯᠵᠤ ᠰᠢᠯᠢᠳᠡᠭᠵᠢᠬᠦᠯᠤᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠪᠡᠨ ᠴᠢᠩᠬ᠋ᠠᠳᠬᠠᠵᠠᠢ᠃ ᠬᠤᠳᠠ ᠶᠢᠨ ᠬᠠᠪᠢ ᠳ᠋ᠡᠬᠢ ᠦᠨᠳᠦᠰᠦᠨ ᠲᠠᠷᠢᠶᠠᠨ ᠭᠠᠵᠠᠷ ᠢ ᠵᠠᠭᠠᠭᠯᠠᠬᠤ ᠠᠵᠢᠯ ᠢ ᠪᠡᠶᠡᠯᠡᠬᠦᠯᠵᠤ᠂ ᠰᠢᠨ᠎ ᠪᠡᠷ 21 ᠲᠦᠮᠡᠨ ᠾᠧᠺᠲ᠋ᠠᠷ ᠨᠡᠮᠡᠨ ᠤᠷᠤᠭᠤᠯᠵᠤ᠂ ᠬᠠᠮᠠᠭᠠᠯᠠᠬᠤ ᠬᠠᠷᠢᠴᠠᠯ ᠨᠢ ᠲᠤᠮᠳᠠᠴᠢ ᠪᠡᠷ46% ᠪᠠᠶᠢᠭᠰᠠᠨ ᠡᠴᠡ ᠪᠠᠨ 73% ᠳᠤ ᠬᠦᠷᠭᠡᠵᠡᠢ᠃ ᠤᠷᠤᠨ ᠲᠠᠶᠠᠭᠠᠷ ᠤᠨ ᠲᠠᠷᠢᠶᠠᠨ ᠭᠠᠵᠠᠷ ᠢ ᠤᠷᠳᠤ ᠬᠤᠭᠤᠴᠠᠭ᠎ᠠ ᠪᠡᠷ ᠵᠠᠭᠠᠭᠯᠠᠨ ᠲᠤᠭᠳᠠᠭᠠᠭᠬᠤ ᠲᠦᠰᠤᠯ ᠤᠯᠤᠰ ᠤᠨ ᠨᠤᠳᠠᠯᠠᠭ᠎ᠠ ᠵᠦᠪᠰᠢᠶᠡᠷᠡᠯ ᠢ ᠤᠯᠵᠤ᠂ ᠲᠠᠷᠢᠶᠠᠨ ᠭᠠᠵᠠᠷ ᠤᠨ ᠬᠠᠮᠠᠭᠠᠯᠠᠯᠳᠠ ᠶᠢᠨ ᠲᠦᠪᠰᠢᠨ ᠪᠦᠬᠦ ᠲᠠᠯ᠎ᠠ ᠪᠡᠷ ᠲᠡᠭᠡᠭ᠍ᠰᠢᠯᠡᠵᠡᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120691120497956