蒙古文网站Logo
ᠰᠢᠨᠬᠤᠸᠠ ᠮᠤᠩᠭ᠋ᠤᠯ ᠨᠧᠲ

ᠦᠪᠦᠷ ᠮᠤᠩ᠋ᠭᠣᠯ ᠤᠨ ᠬᠡᠰᠡᠭ ᠪᠦᠰᠡ ᠨᠤᠲᠤᠭ ᠢᠶᠡᠷ ᠤᠨᠴᠠ ᠶᠡᠬᠡ ᠴᠠᠰᠤ ᠤᠷᠤᠨ᠎ᠠ

2017-02-21 17:10

    19 ᠡᠴᠡ 20 ᠤ ᠡᠳᠦᠷ᠂ ᠦᠪᠦᠷ ᠮᠣᠩᠭᠣᠯ ᠤᠨ ᠤᠷᠤᠨ ᠳᠠᠶᠠᠭᠠᠷ ᠤᠨ ᠠᠭᠠᠷ ᠤᠨ ᠳᠤᠯᠠᠭᠠᠨ 4-6 ᠭ᠍ᠷᠠᠳᠦ᠋ᠰ ᠲᠤᠷᠤᠭᠰᠢᠯᠠᠵᠠᠢ᠃ ᠤᠷᠤᠨ ᠳᠠᠶᠠᠭᠠᠷ  ᠤᠨ ᠤᠯᠠᠩᠭᠢ ᠭᠠᠵᠠᠷ ᠤᠷᠤᠨ ᠳᠤ ᠴᠠᠰᠤ ᠤᠷᠤᠵᠤ᠂ ᠳᠤᠮᠳᠠ ᠬᠡᠰᠡᠭ ᠤᠨ ᠬᠡᠰᠡᠭ ᠭᠠᠵᠠᠷ ᠤᠷᠤᠨ ᠳᠤ ᠤᠨᠴᠠ ᠶᠡᠬᠡ ᠴᠠᠰᠤ ᠤᠷᠤᠨ᠎ᠠ᠃

    ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠯᠠᠭᠰᠠᠨ ᠢᠶᠡᠷ᠂ ᠬᠦᠢᠲᠡᠨ ᠴᠠᠭ ᠠᠭᠠᠷ ᠤᠨ ᠨᠦᠯᠦᠭᠡᠯᠡᠯ ᠡᠴᠡ ᠪᠤᠯᠵᠤ᠂ 20 ᠤ ᠡᠳᠦᠷ ᠡᠴᠡ ᠡᠬᠢᠯᠡᠨ ᠤᠷᠤᠨ ᠳᠠᠶᠠᠭᠠᠷ ᠤᠨ ᠴᠠᠰᠤᠨ ᠤ ᠬᠡᠮᠵᠢᠶ᠎ᠠ ᠰᠢᠷᠦᠭᠦᠨ ᠨᠡᠮᠡᠭᠳᠡᠵᠤ᠂ ᠤᠯᠠᠩᠬᠢ ᠭᠠᠵᠠᠷ ᠤᠷᠤᠨ ᠳᠤ ᠴᠠᠰᠤ ᠤᠷᠤᠨ᠎ᠠ᠂ ᠶᠡᠬᠡᠩᠬᠢ ᠭᠠᠵᠠᠷ ᠤᠷᠤᠨ ᠳᠤ ᠪᠠᠭ᠎ᠠ ᠴᠠᠰᠤ ᠲᠠᠢ᠃ ᠪᠠᠶᠠᠨᠨᠠᠭᠤᠷ ᠬᠤᠲᠠ ᠶᠢᠨ ᠳᠤᠮᠳᠠ ᠬᠡᠰᠡᠭ ᠪᠤᠯᠤᠨ ᠵᠡᠭᠦᠨ ᠬᠡᠰᠡᠭ᠂ ᠪᠤᠭᠤᠲᠤ ᠬᠤᠲᠠ ᠶᠢᠨ ᠳᠤᠮᠳᠠ ᠬᠡᠰᠡᠭ ᠪᠤᠯᠤᠨ ᠤᠮᠠᠷᠠᠲᠤ ᠬᠡᠰᠡᠭ᠂ ᠬᠦᠬᠡᠬᠤᠲᠠ ᠶᠢᠨ ᠳᠤᠮᠳᠠ ᠬᠡᠰᠡᠭ ᠪᠤᠯᠤᠨ ᠡᠮᠦᠨ᠎ᠡ ᠬᠡᠰᠡᠭ᠂ ᠤᠯᠠᠭᠠᠨᠴᠠᠪ ᠬᠤᠲᠠ ᠶᠢᠨ ᠪᠠᠷᠠᠭᠤᠨ ᠬᠡᠰᠡᠭ ᠪᠤᠯᠤᠨ ᠡᠮᠦᠨ᠎ᠡ ᠬᠡᠰᠡᠭ᠂ ᠰᠢᠯᠢ ᠶᠢᠨ ᠭᠤᠤᠯ ᠠᠶᠢᠮᠠᠭ ᠤᠨ ᠡᠮᠦᠨ᠎ᠡ ᠬᠡᠰᠡᠭ᠂ ᠤᠯᠠᠭᠠᠨᠬᠠᠲᠠ ᠬᠤᠲᠠ ᠶᠢᠨ ᠡᠮᠦᠨ᠎ᠡ ᠬᠡᠰᠡᠭ ᠲᠤ ᠲᠤᠮᠳᠠ ᠵᠡᠷᠭᠡ ᠶᠢᠨ ᠴᠠᠰᠤ ᠲᠠᠢ᠂ ᠡᠭᠦᠨ ᠳᠤ ᠪᠠᠶᠠᠨᠨᠠᠭᠤᠷ ᠬᠤᠲᠠ ᠶᠢᠨ ᠡᠮᠦᠨ᠎ᠡ ᠬᠡᠰᠡᠭ᠂ ᠦᠬᠠᠢ᠂ ᠤᠷᠳᠤᠰ ᠤᠨ ᠶᠡᠬᠡᠩᠬᠢ ᠬᠡᠰᠡᠭ᠂ ᠪᠤᠭᠤᠲᠤ ᠶᠢᠨ ᠡᠮᠦᠨ᠎ᠠ ᠬᠡᠰᠡᠭ ᠲᠤ ᠶᠡᠬᠡ ᠴᠠᠰᠤ ᠤᠷᠤᠵᠤ᠂ ᠤᠷᠳᠤᠰ ᠤᠨ ᠡᠮᠦᠨ᠎ᠡ ᠬᠡᠰᠡᠭ ᠲᠤ ᠤᠨᠴᠠ ᠶᠡᠬᠡ ᠴᠠᠰᠤ ᠲᠠᠢ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120691120503825