蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ 2017 ᠤᠨ ᠳᠤ ᠬᠦᠢᠴᠡᠳᠭᠡᠬᠦ 12 ᠴᠢᠬᠤᠯᠠ ᠠᠵᠢᠯ ᠡᠴᠡ ᠲᠦᠷᠦ ᠶᠢᠨ ᠵᠡᠷᠭᠡᠯᠡᠯ ᠤᠨ ᠰᠢᠨ᠎ᠠ ᠲᠡᠭᠦᠷᠭᠡ ᠶᠢᠨ ᠪᠠᠶᠢᠭᠤᠯᠤᠯᠲᠠ ᠲᠡᠷᠢᠭᠦᠨ ᠳᠤ ᠨᠢ ᠵᠢᠬᠰᠠᠨ᠎ᠠ

2017-02-21 17:10

    2ᠰᠠᠷ᠎ᠠ ᠶᠢᠨ 20 ᠤ ᠡᠳᠦᠷ ᠤᠨ ᠦᠳᠡ ᠶᠢᠨ ᠡᠮᠦᠨᠡᠬᠢ 9 ᠴᠠᠭ ᠲᠤ᠂ ᠬᠦᠬᠡᠬᠤᠲᠠ ᠶᠢᠨ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠬᠡ ᠬᠤᠷᠠᠯ ᠤᠨ ᠲᠠᠪᠤᠳᠠᠬᠢ ᠡᠭᠡᠯᠵᠢ ᠶᠢᠨ ᠬᠤᠷᠠᠯ ᠡᠬᠢᠯᠡᠪᠡ᠃ ᠬᠦᠬᠡᠬᠤᠲᠠ ᠶᠢᠨ ᠬᠤᠲᠠ ᠶᠢᠨ ᠳᠠᠷᠤᠭ᠎ᠠ ᠯᠢ ᠵᠢᠶᠧ ᠰᠢᠶᠠᠩ ᠵᠠᠰᠠᠭ ᠤᠨ ᠤᠷᠳᠤᠨ ᠤ ᠠᠵᠢᠯ ᠤᠨ ᠮᠡᠳᠡᠭᠦᠯᠦᠯᠲᠡ ᠳᠤ ᠪᠡᠨ ᠬᠦᠬᠡᠬᠤᠲᠠ ᠶᠢᠨ 2017 ᠤᠨ ᠳᠤ ᠬᠦᠢᠴᠡᠳᠭᠡᠬᠦ 12 ᠴᠢᠬᠤᠯᠠ ᠠᠵᠢᠯ ᠶᠢ ᠳᠤᠷᠠᠳᠴᠠᠢ᠂ ᠡᠭᠦᠨ ᠳᠤ ᠲᠦᠷᠦ ᠶᠢᠨ ᠵᠡᠷᠭᠡᠯᠡᠯ ᠤᠨ ᠰᠢᠨ᠎ᠠ ᠲᠡᠭᠦᠷᠭᠡ ᠶᠢᠨ ᠪᠠᠶᠢᠭᠤᠯᠤᠯᠲᠠ ᠲᠡᠷᠢᠭᠦᠨ ᠳᠤ ᠨᠢ ᠵᠢᠬᠰᠠᠪᠠ᠃

    ᠡᠨᠡᠬᠦ 12 ᠬᠦᠨᠲᠤ ᠴᠢᠬᠤᠯᠠ ᠠᠵᠢᠯ ᠨᠢ ᠲᠤᠰ ᠪᠦᠷᠢ᠄

    1. ᠬᠤᠷᠢᠨᠭᠡᠷ ᠳᠦᠷᠦ ᠶᠢᠨ ᠵᠡᠷᠭᠡᠯᠡᠯ ᠤᠨ ᠰᠢᠨ᠎ᠠ ᠲᠡᠭᠦᠷᠭᠡ ᠶᠢᠨ ᠪᠠᠶᠢᠭᠤᠯᠤᠯᠲᠠ ᠶᠢ ᠪᠦᠬᠦ ᠬᠦᠴᠦᠨ ᠢᠶᠡᠷ ᠠᠬᠢᠭᠤᠯᠤᠨ᠎ᠠ

    2. ᠲᠦᠪ ᠬᠤᠲᠠ ᠶᠢᠨ ᠤᠨᠴᠠᠯᠢᠭ ᠪᠦᠬᠦᠢ ᠤᠳᠤᠬᠢ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠨ᠎ᠠ

    3. ᠦᠷ᠎ᠠ ᠠᠰᠢᠭ ᠪᠦᠬᠦᠢ ᠬᠡᠷᠡᠭᠴᠡᠭᠡ ᠶᠢ ᠦᠷᠭᠡᠳᠭᠡᠵᠤ᠂ ᠡᠳ᠋ ᠤᠨ ᠵᠠᠰᠠᠭ ᠤᠨ ᠲᠤᠭᠲᠠᠭᠤᠨ ᠦᠰᠦᠯᠲᠠ ᠶᠢ ᠪᠦᠬᠦ ᠬᠦᠴᠦᠨ ᠢᠶᠡᠷ ᠪᠠᠲᠤᠯᠠᠨ᠎ᠠ

    4. ᠲᠠᠷᠢᠶᠠᠯᠠᠩ ᠦᠢᠯᠡᠰ ᠤᠨ ᠬᠠᠩ᠋ᠭᠠᠯᠭ᠎ᠠ ᠶᠢ ᠪᠠᠲᠤᠯᠠᠵᠤ᠂ ᠲᠠᠷᠢᠶᠠᠯᠠᠩ ᠦᠢᠯᠡᠰ ᠤᠨ ᠤᠳᠤᠬᠢᠴᠢᠯᠠᠭᠰᠠᠨ ᠠᠬᠢᠴᠠ ᠶᠢ ᠲᠦᠷᠭᠡᠳᠭᠡᠨ᠎ᠠ

    5. ᠳᠡᠳ᠋ ᠪᠦᠲᠦᠴᠡ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠬᠦᠭ᠍ᠵᠢᠯᠲᠠ ᠶᠢᠨ ᠰᠠᠭᠤᠷᠢ ᠶᠢ ᠲᠠᠰᠤᠷᠠᠯᠲᠠ ᠦᠭᠡᠢ ᠪᠡᠬᠢᠵᠢᠭᠦᠯᠦᠨ᠎ᠠ

    6. ᠠᠮᠢ ᠠᠬᠤᠢ ᠶᠢᠨ ᠤᠷᠴᠢᠨ ᠲᠤᠭᠤᠷᠢᠨ ᠤ ᠶᠡᠷᠦᠩᠬᠡᠶ ᠬᠠᠮᠠᠭᠠᠯᠠᠯᠲᠠ ᠶᠢ ᠴᠢᠩᠭ᠋ᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤᠳᠬᠠᠨ᠎ᠠ

    7. ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭ᠋ᠠᠳᠬᠠᠵᠤ᠂ ᠲᠦᠪ ᠬᠤᠲᠠ ᠶᠢᠨ ᠤᠷᠤᠰᠢᠨ ᠰᠠᠭᠤᠬᠤ ᠬᠢᠷᠢ ᠲᠦᠪᠰᠢᠨ ᠢ ᠲᠡᠭᠡᠭ᠍ᠰᠢᠯᠡᠭᠦᠯᠦᠨ᠎ᠠ

    8. ᠦᠭᠡᠷᠡᠴᠢᠯᠡᠯᠲᠡ ᠶᠢ ᠪᠦᠬᠦ ᠲᠠᠯ᠎ᠠ ᠪᠡᠷ ᠭᠦᠨᠵᠡᠭᠡᠶᠢᠷᠡᠭᠦᠯᠦᠨ᠂ ᠵᠠᠬ᠎ᠠ ᠵᠡᠭᠡᠯᠢ ᠶᠢᠨ ᠡᠷᠴᠢ ᠬᠦᠴᠦ ᠪᠤᠯᠤᠨ ᠨᠡᠶᠢᠭᠡᠮ ᠤᠨ ᠡᠭᠦᠳᠦᠨ ᠪᠦᠲᠦᠭᠡᠯᠲᠠ ᠶᠢ ᠤᠷᠮᠠᠰᠢᠭᠤᠯᠤᠨ᠎ᠠ

    9. ᠨᠡᠭᠡᠭᠡᠯᠲᠡ ᠶᠢ ᠪᠦᠬᠦ ᠲᠠᠯ᠎ᠠ ᠪᠡᠷ ᠦᠷᠭᠡᠳᠭᠡᠵᠤ᠂ ᠡᠯ᠎ᠠ ᠲᠠᠯ᠎ᠠ ᠡᠴᠡ ᠢᠷᠡᠭᠰᠡᠨ ᠨᠡᠭᠡᠭᠡᠯᠲᠡ ᠲᠠᠢ ᠰᠢᠨ᠎ᠠ ᠪᠦᠲᠦᠴᠡ ᠶᠢ ᠪᠠᠶᠢᠭᠤᠯᠤᠨ᠎ᠠ

    10. ᠨᠠᠶᠢᠭᠡᠮ ᠤᠨ ᠦᠢᠯᠡᠰ ᠢ ᠪᠦᠬᠦ ᠬᠦᠴᠦᠨ ᠢᠶᠡᠷ ᠬᠦᠭ᠍ᠵᠢᠭᠦᠯᠵᠤ᠂ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠡᠭᠡᠭ᠍ᠰᠢᠯᠡᠭᠦᠯᠦᠨ᠎ᠠ

    11. ᠢᠷᠭᠡᠳ ᠤᠨ ᠠᠮᠢᠵᠢᠷᠠᠭᠠᠨ ᠤ ᠪᠠᠲᠤᠯᠠᠭ᠎ᠠ ᠶᠢ ᠪᠡᠬᠢᠵᠢᠭᠦᠯᠵᠤ᠂ ᠡᠯ᠎ᠠ ᠦᠨᠳᠦᠰᠦᠲᠡᠨ ᠤ ᠢᠷᠭᠡᠳ ᠤᠨ ᠵᠤᠯ ᠵᠢᠷᠭᠠᠯ ᠢ ᠨᠡᠮᠡᠭᠳᠡᠭᠦᠯᠦᠨ᠎ᠠ

    12. ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠢᠷᠭᠡᠳ ᠤᠨ ᠰᠡᠳᠬᠢᠯ ᠬᠠᠨᠤᠮᠵᠢᠲᠠᠢ ᠵᠠᠰᠠᠭ ᠤᠨ ᠤᠷᠳᠤᠨ ᠢ ᠪᠠᠶᠢᠭᠤᠯᠤᠨ᠎ᠠ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

 

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
  • ᠠᠰᠬ᠎ᠠ ᠬᠠᠳᠠᠨ ᠤ ᠢᠷᠮᠡᠭ ᠲᠡᠭᠢ 《ᠲᠡᠭ᠍ᠷᠢ ᠵᠡᠭᠡᠯᠢ》
关闭
010070230030000000000000011120691120505363