蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠡᠨᠡ ᠵᠢᠯ ᠴᠡᠴᠡᠷᠯᠢᠭ᠌᠌ ᠲᠤ ᠰᠠᠭᠤᠬᠤ ᠬᠡᠤᠬᠡᠳ ᠤᠨ ᠤᠷᠤᠨ ᠲᠤᠭ᠎ᠠ ᠶᠢ 2 ᠲᠦᠮᠡ ᠪᠡᠷ ᠨᠡᠮᠡᠭᠳᠡᠭᠦᠯᠦᠨ᠎ᠠ

2017-02-23 16:49

    ᠰᠢᠨᠬᠤᠸᠠ ᠨᠧᠲ  ᠬᠦᠬᠡᠬᠤᠲᠠ ᠶᠢᠨ 2 ᠰᠠᠷ᠎᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ ( ᠼᠤᠤ ᠵᠧᠡ) ᠦᠪᠦᠷ ᠮᠣᠩᠭᠣᠯ ᠤᠨ ᠡᠯ᠎ᠠ ᠱᠠᠲᠤᠨ ᠤ ᠵᠠᠰᠠᠬ ᠤᠨ ᠤᠷᠳᠤᠨ ᠡᠴᠡ 160 ᠴᠡᠴᠡᠷᠯᠢᠭ᠌᠌ ᠢ ᠰᠢᠨ᠎ᠠ ᠪᠡᠷ ᠪᠠᠶᠢᠭᠤᠯᠬᠤ᠂ ᠦᠷᠭᠡᠳᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠬᠤ ᠪᠡᠷ ᠲᠦᠯᠦᠪᠯᠠᠵᠤ᠂ 2 ᠲᠦᠮᠡᠨ ᠬᠡᠤᠬᠡᠳ ᠤᠨ ᠤᠷᠤᠨ ᠲᠤᠭ᠎ᠠ ᠰᠢᠨ᠎ᠠ ᠪᠡᠷ ᠨᠡᠮᠡᠭᠳᠡᠭᠦᠯᠦᠨ᠂ ᠴᠡᠴᠡᠷᠯᠢᠭ᠌᠋᠋ ᠲᠤ ᠤᠷᠤᠬᠤ ᠳᠤ ᠬᠦᠴᠢᠷ ᠠᠰᠠᠭᠤᠳᠠᠯ ᠢ ᠰᠢᠶ᠋ᠪᠦᠷᠢᠯᠡᠬᠦ ᠪᠡᠷ ᠪᠠᠶᠢᠨ᠎ᠠ᠃

    22 ᠤᠨ ᠡᠳᠦᠷ ᠬᠤᠷᠠᠯᠳᠤᠭᠰᠠᠨ 2017 ᠤᠨ ᠤ ᠦᠪᠦᠷ ᠮᠣᠩᠭᠣᠯ ᠤᠨ ᠢᠷᠭᠡᠳ ᠤᠨ ᠠᠮᠢᠵᠢᠷᠠᠭᠠᠨ ᠤ ᠬᠦᠷᠢᠶ᠎ᠠ ᠴᠡᠷ᠎ᠠ ᠳᠡᠬᠢ ᠭᠤᠤᠯᠳᠠᠯᠭ᠎ᠠ ᠲᠠᠢ ᠠᠵᠢᠯ ᠤᠨ ᠬᠡᠪᠯᠡᠯ ᠮᠡᠳᠡᠭᠡᠯᠡᠯ ᠤᠨ ᠬᠤᠷᠠᠯ ᠳᠤ᠂ ᠦᠪᠦᠷ ᠮᠣᠩᠭᠣᠯ ᠤᠨ ᠰᠤᠷᠭᠠᠨ ᠬᠦᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠶᠠ ᠮᠢᠨ ᠲᠠᠨᠢᠯᠴᠠᠭᠤᠯᠤᠭᠰᠠᠨ ᠢᠶᠡᠷ᠂ 2016 ᠤᠨ ᠤ ᠡᠴᠤᠰ ᠪᠤᠯᠲᠠᠯ᠎ᠠ ᠦᠪᠦᠷ ᠮᠣᠩᠭᠣᠯ ᠨᠡᠶᠢᠲᠡ 3672 ᠴᠡᠴᠡᠷᠯᠢᠭ᠌᠋᠋ ᠲᠠᠢ ᠪᠤᠯᠵᠤ᠂ ᠴᠡᠴᠡᠷᠯᠢᠭ᠌᠋᠋ ᠲᠤ ᠪᠠᠶᠢᠭ᠎ᠠ ᠬᠡᠤᠬᠡᠳ 6075 ᠲᠦᠮᠡ ᠳᠤ ᠬᠦᠷᠦᠭᠰᠡᠨ ᠪᠠᠶᠢᠨ᠎ᠠ᠂ ᠰᠤᠷᠭᠠᠭᠤᠯᠢ ᠶᠢᠨ ᠨᠠᠰᠤᠨ ᠡᠴᠡ ᠡᠮᠦᠨᠡᠬᠢ ᠬᠡᠤᠬᠡᠳ ᠤᠨ ᠴᠡᠴᠡᠷᠯᠢᠭ᠌᠌ ᠲᠤ ᠤᠷᠤᠭᠰᠠᠨ ᠨᠤᠷᠮ᠎ᠠ 90% ᠳᠤ ᠬᠦᠷᠴᠤ᠂ ᠴᠡᠴᠡᠷᠯᠢᠭ᠌᠋᠋ ᠲᠤ ᠤᠷᠤᠬᠤ ᠳᠤ ᠬᠦᠴᠢᠷᠲᠠᠢ ᠠᠰᠠᠭᠤᠳᠠᠯ ᠢ ᠰᠢᠶ᠋ᠳᠪᠦᠷᠢᠯᠡᠪᠡ ᠭᠡᠰᠡᠨ ᠪᠠᠶᠢᠨ᠎ᠠ᠃ (ᠳᠠᠳᠤᠯᠭ᠎ᠠ ᠶᠢᠨ ᠨᠠᠶᠢᠷᠠᠭᠤᠯᠤᠭᠴᠢ ᠬᠡᠤᠬᠡᠨᠰᠤᠯᠢ ᠤᠷᠴᠢᠭᠤᠯᠪᠠ)

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011100001120518847