蒙古文网站Logo
ᠰᠢᠨᠬᠤᠸᠠ ᠮᠤᠩᠭ᠋ᠤᠯ ᠨᠧᠲ

《ᠰᠢᠷᠬᠤᠰᠤᠨ》 ᠭᠤᠤᠯ ᠰᠡᠳᠦᠪᠳᠤ ᠬᠡᠷᠡᠯ ᠵᠢᠷᠤᠭ ᠤᠨ ᠦᠵᠡᠰᠭᠦᠯᠡᠩ ᠬᠦᠬᠡᠬᠤᠲᠠ ᠳᠤ ᠶᠠᠪᠤᠭᠳᠠᠪᠠ

2017-02-24 10:56

    2 ᠰᠠᠷ᠎ᠠ ᠶᠢᠨ 22 ᠤᠨ ᠦᠳᠡ ᠶᠢᠨ ᠡᠮᠦᠨ᠎ᠡ᠂ ᠦᠪᠦᠷ ᠮᠤᠩ᠋ᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠦᠪᠦᠷ ᠮᠤᠩᠭ᠋ᠤᠯ ᠤᠨ ᠬᠡᠷᠡᠯ ᠵᠢᠷᠤᠭᠴᠢᠳ ᠤᠨ ᠨᠡᠶᠢᠬᠡᠮᠯᠢᠭ᠌᠂ ᠦᠦᠰᠢᠨ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠰᠠᠨᠠᠭᠠᠴᠢᠯᠠᠨ᠂ ᠦᠦᠰᠢᠨ ᠬᠤᠰᠢᠭᠤᠨ ᠤ ᠤᠳᠬ᠎ᠠ ᠤᠷᠠᠯᠢᠭ ᠤᠨ ᠬᠤᠯᠪᠤᠭ᠎ᠠ᠂ ᠦᠦᠰᠢᠨ ᠬᠤᠰᠢᠭᠤ ᠶᠢᠨ ᠬᠡᠷᠡᠯ ᠵᠢᠷᠤᠭᠴᠢᠳ ᠤᠨ ᠨᠡᠶᠢᠬᠡᠮᠯᠢᠭ᠌ ᠠᠴᠠ ᠵᠤᠬᠢᠶᠠᠨ ᠪᠠᠶᠢᠭᠤᠯᠤᠭᠰᠠᠨ 《ᠳᠠᠯ᠎ᠠ ᠨᠤᠳᠤᠭ ᠤᠨ ᠬᠦᠪᠡᠭᠦᠳ ᠦᠬᠢᠳ ᠡᠪ ᠬᠠᠮᠳᠤ ᠨᠠᠮ ᠲᠠᠢ ᠪᠠᠨ ᠡᠯᠢᠭᠡ ᠵᠢᠷᠦᠭᠡᠨ ᠤ ᠤᠶᠠᠭᠠᠳᠠᠢ》 ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢᠨ ᠠᠵᠢᠯᠯᠠᠭ᠎ᠠ ᠶᠢᠨ ᠨᠢᠭᠡ ᠪᠤᠯᠬᠤ 《ᠰᠢᠷᠬᠤᠰᠤᠨ》 ᠭᠤᠤᠯ ᠰᠡᠳᠦᠪᠳᠤ ᠬᠡᠷᠡᠯ ᠵᠢᠷᠤᠭ ᠤᠨ ᠪᠦᠳᠦᠭᠡᠯ ᠤᠨ ᠦᠵᠡᠰᠭᠦᠯᠡᠩ ᠤᠨ ᠡᠬᠢᠯᠡᠯᠳᠡ ᠶᠢᠨ ᠶᠤᠰᠤᠯᠠᠯ ᠦᠪᠦᠷ ᠮᠤᠩ᠋ᠭᠤᠯ ᠤᠨ ᠤᠷᠠᠨ ᠵᠢᠷᠤᠭ ᠤᠨ ᠤᠷᠳᠤᠨ ᠳᠤ ᠶᠠᠪᠤᠭᠳᠠᠪᠠ᠃

    《ᠰᠢᠷᠬᠤᠰᠤᠨ》 ᠭᠤᠤᠯ ᠰᠡᠳᠦᠪᠳᠤ ᠬᠡᠷᠡᠯ ᠵᠢᠷᠤᠭ ᠤᠨ ᠪᠦᠳᠦᠭᠡᠯ ᠢ ᠵᠤᠬᠢᠶᠠᠨ ᠪᠦᠳᠦᠭᠡᠬᠦ ᠠᠵᠢᠯᠯᠠᠭ᠎ᠠ 2016 ᠤᠨ ᠳᠤ ᠶᠠᠪᠤᠭᠳᠠᠵᠤ᠂ ᠰᠢᠷᠬᠤᠰᠦᠨ ᠭᠤᠤᠯ ᠤᠨ ᠭᠤᠤ ᠲᠤᠬᠤᠢ ᠶᠢᠨ ᠦᠵᠡᠮᠵᠢ᠂ ᠬᠤᠶᠠᠷ ᠡᠷᠬᠢ ᠶᠢᠨ ᠭᠠᠵᠠᠷ ᠤᠨ ᠪᠠᠶᠢᠴᠠ᠂ ᠬᠦᠮᠦᠨ ᠠᠷᠠᠳ ᠤᠨ ᠦᠢᠯᠡᠳᠪᠤᠷᠢᠯᠡᠯ ᠠᠮᠢᠳᠤᠷᠠᠯ᠂ ᠵᠠᠩ ᠦᠢᠯᠡ ᠵᠡᠷᠭᠡ ᠶᠢ ᠬᠠᠷᠠᠭᠤᠯᠪᠠ᠃ ᠲᠤᠰ ᠤᠳᠠᠭᠠᠨ ᠤ ᠦᠵᠡᠰᠭᠦᠯᠡᠩ ᠳᠤ ᠡᠳᠡᠭᠡᠷ ᠪᠦᠳᠦᠭᠡᠯ ᠤᠨ ᠳᠤᠮᠳᠠ ᠠᠴᠠ ᠵᠠᠭᠤ ᠭᠠᠷᠤᠢ ᠰᠢᠯᠢᠳᠡᠭ ᠪᠦᠳᠦᠭᠡᠯ ᠢ ᠨᠢ ᠰᠤᠩ᠋ᠭᠤᠵᠤ᠂ 《ᠳᠠᠯ᠎ᠠ ᠨᠤᠳᠤᠭ ᠤᠨ ᠬᠦᠪᠡᠭᠦᠳ ᠦᠬᠢᠳ ᠡᠪ ᠬᠠᠮᠳᠤ ᠨᠠᠮ ᠲᠠᠢ ᠪᠠᠨ ᠡᠯᠢᠭᠡ ᠵᠢᠷᠦᠭᠡᠨ ᠤ ᠤᠶᠠᠭᠠᠳᠠᠢ》 ᠰᠢᠷᠢᠰ ᠠᠵᠢᠯᠯᠠᠭ᠎ᠠ ᠶᠢᠨ ᠬᠤᠪᠢ ᠪᠠᠷ ᠬᠦᠬᠡᠬᠤᠳᠠ ᠶᠢᠨ ᠦᠵᠡᠭᠴᠢᠳ ᠲᠠᠢ ᠵᠤᠯᠭᠠᠭᠰᠠᠨ ᠪᠠᠶᠢᠨ᠎ᠠ᠃ ᠡᠨᠡᠬᠦ ᠦᠵᠡᠰᠭᠦᠯᠡᠩ 2 ᠰᠠᠷ᠎ᠠ ᠶᠢᠨ 26 ᠪᠤᠯᠳᠠᠯ᠎ᠠ ᠶᠠᠪᠤᠭᠳᠠᠬᠤ ᠪᠠᠷ ᠪᠠᠶᠢᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120523363