蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠦᠪᠡᠷᠳᠡᠬᠡᠨ ᠵᠡᠰᠠᠬᠤ ᠤᠷᠤᠨ ᠨᠡᠶᠢᠬᠡᠮ ᠡᠴᠡ 4679 ᠠᠯᠪᠠ ᠬᠠᠭᠠᠭᠴᠢ ᠡᠯᠰᠡᠬᠦ ᠪᠡᠷ ᠪᠠᠶᠢᠨ᠎ᠠ

2017-03-20 17:57

    ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ᠂ ᠦᠪᠡᠷᠳᠡᠬᠡᠨ ᠵᠠᠰᠠᠬᠤ ᠤᠷᠤᠨ ᠤ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠠᠯᠪᠠ ᠬᠠᠭᠠᠭᠴᠢ ᠶᠢᠨ ᠲᠤᠪᠴᠢᠶ᠎ᠠ ᠡᠴᠡ 3 ᠰᠠᠷ᠎ᠠ ᠶᠢᠨ18 ᠤ ᠡᠳᠤᠷ ᠬᠠᠮᠳᠤᠷᠠᠨ ᠨᠠᠶᠢᠲᠡᠯᠡᠭᠰᠡᠨ ᠮᠡᠳᠡᠬᠡ ᠡᠴᠡ ᠤᠶᠢᠯᠠᠭᠠᠭᠰᠠᠨ ᠢᠶᠡᠷ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ ᠦᠪᠦᠷ ᠮᠤᠩᠭ᠋ᠤᠯ 2017 ᠤᠨ ᠳᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠ ᠬᠠᠭᠠᠭᠴᠢ ᠪᠤᠯᠤᠨ ᠠᠯᠪᠠ ᠬᠠᠭᠠᠭᠴᠢ ᠶᠢᠨ ᠬᠠᠮᠢᠶᠠᠷᠤᠯᠳᠠ ᠲᠠᠢ ᠪᠠᠶᠢᠭᠤᠯᠤᠯᠭ᠎ᠠ ᠶᠢᠨ ᠠᠵᠢᠯᠳᠠᠨ ᠡᠯᠰᠡᠬᠦ ᠪᠡᠷ ᠪᠠᠶᠢᠨ᠎ᠠ᠃ ᠲᠤᠰ ᠤᠳᠠᠭᠠᠨ ᠤ ᠰᠢᠯᠭᠠᠵᠤ ᠡᠯᠰᠡᠬᠦ ᠲᠦᠯᠦᠪᠯᠡᠬᠡ ᠨᠢ ᠨᠡᠶᠢᠬᠡᠮ ᠳᠤ ᠬᠠᠨᠳᠤᠨ ᠠᠯᠪᠠ ᠬᠠᠭᠠᠭᠴᠢ ᠪᠤᠯᠤᠨ ᠠᠯᠪᠠ ᠬᠠᠭᠠᠭᠴᠢ ᠶᠢᠨ ᠬᠠᠮᠢᠶᠠᠷᠤᠯᠳᠠ ᠲᠠᠢ ᠪᠠᠶᠢᠭᠤᠯᠤᠯᠭ᠎ᠠ ᠶᠢᠨ ᠠᠵᠢᠯᠳᠠᠨ ᠨᠡᠶᠢᠳᠡ 4679 ᠬᠦᠮᠦᠨ ᠡᠯᠰᠡᠨ᠎ᠠ᠂ ᠡᠬᠦᠨ ᠳᠤ ᠦᠪᠡᠷᠳᠡᠬᠡᠨ ᠵᠠᠰᠠᠬᠤ ᠤᠷᠤᠨ ᠤ ᠨᠠᠮ ᠵᠠᠰᠠᠭ ᠤᠨ ᠪᠠᠢᠢᠭᠤᠯᠤᠯᠭ᠎ᠠ᠂ ᠬᠠᠤᠯᠢ ᠴᠠᠭᠠᠵᠠ ᠪᠠᠶᠢᠴᠠᠭᠠᠬᠤ ᠰᠢᠰᠲ᠋ᠧᠮ 1005 ᠠᠵᠢᠯᠳᠠᠨ ᠡᠯᠰᠡᠵᠤ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ 3674 ᠠᠵᠢᠯᠳᠠᠨ ᠡᠯᠰᠡᠨ᠎ᠠ᠃ 

    ᠤᠶᠢᠯᠠᠭᠠᠭᠰᠠᠨ ᠢᠶᠡᠷ᠂ ᠲᠤᠰ ᠤᠳᠠᠭᠠᠨ ᠤ ᠡᠯᠰᠡᠯᠳᠡ ᠶᠢᠨ ᠰᠢᠯᠭᠠᠯᠳᠠ ᠨᠢ ᠨᠧᠲ ᠢᠶᠡᠷ ᠨᠡᠷ᠎ᠡ ᠪᠦᠷᠢᠳᠬᠡᠬᠦᠯᠦᠨ᠎ᠠ᠂ ᠦᠪᠦᠷ ᠮᠤᠩᠭ᠋ᠤᠯ ᠤᠨ ᠪᠤᠯᠪᠠᠰᠤᠨ ᠬᠦᠴᠦᠨ ᠤ ᠰᠢᠯᠭᠠᠯᠳᠠ ᠶᠢᠨ ᠰᠤᠷᠠᠭ ᠵᠠᠩᠬᠢ ᠶᠢᠨ ᠨᠧᠲ(http://www.impta.com) ᠲᠤ 2017 ᠤᠨ ᠤ 3 ᠰᠠᠷ᠎ᠠ ᠶᠢᠨ 23 ᠤ ᠡᠳᠤᠷ ᠤᠨ 9᠄ 00 ᠴᠠᠭ ᠡᠴᠡ 3 ᠰᠠᠷ᠎ᠠ ᠶᠢᠨ 29 ᠤ ᠡᠳᠤᠷ ᠤᠨ 17᠄00 ᠴᠠᠭ ᠪᠤᠯᠳᠠᠯ᠎ᠠ ᠨᠡᠷ᠎ᠡ ᠪᠦᠷᠢᠳᠬᠡᠬᠦᠯᠤᠨ᠎ᠠ᠃ ᠪᠢᠷ ᠤᠨ ᠰᠢᠯᠭᠠᠯᠳᠠ ᠶᠢᠨ ᠴᠠᠭ ᠨᠢ 4 ᠰᠠᠷ᠎ᠠ ᠶᠢᠨ 22-23 ᠤ ᠡᠳᠤᠷ᠃ 《 ᠵᠠᠰᠠᠭ ᠵᠠᠬᠢᠷᠭᠠᠨ ᠤ ᠠᠵᠢᠯ ᠮᠡᠷᠭᠡᠵᠢᠯ ᠤᠨ ᠴᠢᠳᠠᠪᠦᠷᠢ ᠶᠢᠨ ᠪᠠᠶᠢᠴᠠᠭᠠᠯᠳᠠ》ᠪᠤᠯᠤᠨ 《 ᠰᠢᠬᠦᠨ ᠦᠬᠦᠯᠡᠬᠦᠢ》 ᠬᠤᠶᠠᠷ ᠲᠦᠷᠦᠯ ᠰᠢᠯᠭᠠᠨ᠎ᠠ᠃

ᠢᠷᠡᠯᠳᠡ᠄ ᠬᠦᠬᠡᠬᠤᠳᠠ ᠤᠷᠤᠢ ᠶᠢᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
  • ᠠᠩᠭ᠍ᠯᠢ ᠶᠢᠨ ᠳᠠᠭᠤᠴᠢᠨ ᠡᠳᠧᠯ 5 ᠲᠤᠮᠤ ᠭ᠍ᠷᠠᠶᠢᠮᠧᠢ ᠱᠠᠨᠭᠨᠠᠯ ᠲᠤᠰᠤᠯ᠎᠎ᠠ
关闭
010070230030000000000000011120691120661396