蒙古文网站Logo
ᠰᠢᠨᠬᠤᠸᠠ ᠮᠤᠩᠭ᠋ᠤᠯ ᠨᠧᠲ

ᠡᠨᠡ ᠵᠢᠯ ᠥᠪᠦᠷ ᠮᠣᠩᠭᠣᠯ ᠣᠷᠣᠨ ᠤ ᠮᠠᠯ ᠠᠵᠣ ᠠᠬᠣᠢ ᠨᠢ ᠦᠬᠡᠷ ᠬᠣᠨᠢᠨ ᠤ ᠦᠷ᠎ᠡ ᠶ᠋ᠢᠨ ᠮᠠᠯ ‍ᠤᠨ ᠠᠵᠦ ᠦᠢᠯᠡᠰ ᠢ ᠪᠤᠶᠢᠵᠢᠭᠤᠯᠤᠨ ᠪᠣᠵᠠᠭᠠᠶᠢᠷᠠᠭᠣᠯᠬᠣ ᠪᠠᠷ ᠪᠠᠶᠢᠨ᠎ᠠ

2017-04-07 11:10

    ᠰᠣᠷᠪᠣᠯᠵᠢᠯᠠᠭᠴᠢ ᠦᠴᠦᠭᠡᠳᠤᠷ ᠥᠪᠦᠷ ᠮᠣᠩᠭᠣᠯ ᠤᠨ ᠥᠪᠡᠷᠲᠡᠭᠡᠨ ᠵᠠᠰᠠᠬᠣ ᠣᠷᠣᠨ  ᠤ ᠲᠠᠷᠢᠶᠠᠯᠠᠩ  ᠮᠠᠯ ᠠᠵᠤ ᠠᠬᠤᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠡᠨᠡ ᠵᠢᠯ ᠥᠪᠦᠷ ᠮᠣᠩᠭᠣᠯ ᠤᠨ ᠥᠪᠡᠷᠲᠡᠭᠡᠨ ᠵᠠᠰᠠᠬᠣ ᠣᠷᠣᠨ ᠤ ᠮᠠᠯ ᠠᠵᠣ ᠠᠬᠣᠢ ᠶᠢᠨ ᠦᠬᠡᠷ ᠬᠣᠨᠢᠨ ᠤ ᠦᠷ᠎ᠡ ᠶ᠋ᠢᠨ ᠮᠠᠯ ᠤᠨ ᠠᠵᠦ ᠦᠢᠯᠡᠰ ᠢ ᠪᠣᠶᠢᠵᠢᠭᠣᠯᠣᠨ ᠪᠣᠵᠠᠭᠠᠶᠢᠷᠠᠭᠣᠯᠵᠣ᠂ ᠪᠤᠬᠠᠨ ᠤ ᠥᠷᠲᠡᠭᠡᠨ ᠤ ᠲᠦᠷᠢᠮ ᠤᠨ ᠦᠭᠡᠷᠡᠴᠢᠯᠡᠯᠲᠡ ᠶ᠋ᠢ ᠲᠦᠷᠭᠡᠳᠭᠡᠬᠦ ᠶ᠋ᠢ ᠵᠤᠷᠢᠭᠵᠢᠭᠤᠯᠵᠦ᠂᠂ ᠰᠲ᠋ᠣᠺ ᠤᠨ ᠡᠷᠬᠡ ᠪᠠᠷ ᠬᠤᠪᠢ ᠣᠷᠣᠭᠣᠯᠬᠣ ᠵᠡᠷᠭᠡ ᠠᠷᠭ᠎ᠠ ᠪᠠᠷᠢᠯ ᠢ ᠠᠪᠴᠣ᠂ ᠪᠤᠬᠠᠨ ᠤ ᠥᠷᠲᠡᠬᠡ ᠶ᠋ᠢ ᠦᠢᠷᠭᠡᠳᠭᠡᠨ ᠬᠦᠴᠦᠷᠭᠡᠭ᠍ᠵᠢᠭᠦᠯᠵᠦ᠂ ᠦᠷᠢᠰᠦᠯᠳᠦᠬᠡᠨ  ᠤ ᠬᠦᠴᠦᠨ ᠢᠶᠡᠨ ᠳᠡᠭᠡᠭ᠍ᠰᠢᠯᠡᠭᠦᠯᠬᠦ ᠶ᠋ᠢᠨ ᠵᠡᠷᠭᠡ ᠪᠠᠷ ᠣᠯᠣᠰ ᠤᠨ ᠣᠳᠣ ᠦᠶ᠎ᠡ ᠶ᠋ᠢᠨ ᠡᠭᠦᠯᠳᠡᠷ ᠤᠨ ᠠᠵᠦ ᠦᠢᠯᠡᠰ ᠦᠨ ᠢᠨᠵᠸᠨ᠋ᠸᠷᠢᠩ ᠢ ᠲᠡᠰ ᠳᠡᠪᠰᠢᠭᠦᠯᠬᠦ ᠪᠣᠯᠣᠨ ᠦᠪᠦᠷ ᠮᠣᠩᠭᠣᠯ ᠤᠨ ᠥᠪᠡᠷᠲᠡᠭᠡᠨ ᠵᠠᠰᠠᠬᠣ ᠣᠷᠣᠨ ᠤ ᠬᠣᠴᠠ ᠶᠢᠨ ᠲᠠᠯᠠᠪᠠᠢ ᠶ᠋ᠢ ᠪᠦᠲᠥᠭᠡᠨ ᠪᠠᠶᠢᠭᠣᠯᠵᠦ᠂ ᠭᠠᠳᠠᠭᠠᠳᠣ ᠡᠴᠠ ᠣᠷᠣᠭᠣᠯᠬᠣ ᠰᠠᠶᠢᠨ ᠡᠭᠦᠯᠳᠡᠷ ᠦᠨ ᠦᠨᠢᠶ᠎ᠡ ᠳ᠋ᠥ ᠬᠢᠨᠠᠯᠲᠠ ᠬᠠᠮᠢᠶᠠᠷᠣᠯᠲᠠ ᠲᠠᠯᠪᠢᠵᠦ᠂ ᠬᠤᠴᠠ ᠶ᠋ᠢᠨ ᠲᠠᠯᠠᠪᠠᠢ 81 ᠶᠢ ᠪᠥᠲᠦᠭᠡᠨ ᠪᠠᠶᠢᠭᠣᠯᠬᠣ ᠡᠭᠦᠷᠭᠡ ᠶ᠋ᠢ ᠨᠠᠶᠢᠳᠠᠪᠣᠷᠢᠵᠢᠭᠣᠯᠵᠣ᠂ ᠮᠠᠯ ᠠᠵᠣ ᠠᠬᠣᠢ ᠶ᠋ᠢᠨ ᠰᠠᠶᠢᠨ ᠡᠭᠦᠯᠳᠡᠷ ᠦᠨ ᠨᠥᠬᠦᠪᠦᠷᠢ ᠶ᠋ᠢᠨ ᠲᠥᠷᠦ ᠶ᠋ᠢᠨ ᠪᠣᠳᠣᠯᠭ᠎ᠠ ᠶ᠋ᠢ ᠰᠠᠶᠢᠳᠤᠷ ᠨᠠᠶᠢᠳᠠᠪᠣᠷᠢᠵᠢᠭᠣᠯᠵᠣ᠂ ᠦᠢᠯᠡᠳᠪᠤᠷᠢᠯᠡᠯ ‍ᠤᠨ ᠴᠢᠳᠠᠪᠬᠢ ᠶ᠋ᠢ ᠬᠡᠮᠵᠢᠨ ᠳᠣᠭᠲᠠᠭᠠᠬᠣ ᠪᠣᠯᠣᠨ ᠣᠯᠣᠰ ᠤᠨ ᠳᠡᠰ ᠦᠨ ᠭᠣᠣᠯ ᠪᠣᠯᠬᠣ ᠦᠷ᠎ᠡ ᠶ᠋ᠢᠨ ᠮᠠᠯ ‍ᠤᠨ ᠲᠠᠯᠠᠪᠠᠢ ᠶ᠋ᠢ ᠰᠣᠩᠭ᠋ᠣᠨ ᠰᠢᠯᠭᠠᠷᠠᠭᠣᠯᠬᠣ ᠠᠵᠢᠯ ᠢ ᠯᠠᠪᠳᠠᠭᠣᠨ ᠪᠠᠳᠣᠲᠠᠢ ᠥᠷᠨᠢᠭᠦᠯᠵᠦ᠂ ᠰᠠᠶᠢᠨ ᠡᠭᠦᠯᠳᠡᠷ ᠦᠨ ᠦᠷ᠎ᠡ ᠶ᠋ᠢ ᠬᠠᠩᠭ᠋ᠠᠬᠣ ᠴᠢᠳᠠᠯ ᠪᠣᠯᠣᠨ ᠬᠠᠩᠭ᠋ᠠᠬᠣ ᠦᠷ᠎ᠡ ᠶ᠋ᠢᠨ ᠶᠠᠰᠤ ᠴᠢᠨᠠᠷ ᠢ ᠳᠡᠭᠡᠭ᠍ᠰᠢᠯᠡᠭᠦᠯᠡᠨ᠎ᠡ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120767692