蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠨᠢᠰᠬᠦ ᠤᠩᠭ᠋ᠤᠴᠠᠨ ᠤ ᠪᠠᠭᠤᠳᠠᠯ ᠤᠨ ᠵᠤᠨ ᠨᠠᠮᠤᠷ ᠤᠨ ᠤᠯᠠᠷᠢᠯ  ᠤᠨ ᠠᠶᠠᠯᠠᠯ ᠤᠨ ᠲᠤᠬᠢᠷᠠᠭᠤᠯᠤᠯᠳᠠ

2017-04-10 11:44

    ᠤᠶᠢᠷ᠎ᠠ ᠳᠤ᠂ ᠦᠪᠦᠷ ᠮᠤᠩᠭ᠋ᠤᠯ ᠤᠨ ᠨᠢᠰᠬᠦ ᠤᠩᠭ᠋ᠤᠴᠠᠨ ᠤ ᠪᠠᠭᠤᠳᠠᠯ ᠤᠨ ᠪᠦᠯᠦᠭᠯᠡᠯ ᠺᠤᠮᠫᠠᠨᠢ ᠡᠴᠡ ᠰᠠᠨᠠᠭᠠᠴᠢᠯᠠᠨ᠂ ᠬᠦᠬᠡᠬᠤᠳᠠ ᠨᠢᠰᠬᠦ ᠤᠩᠭ᠋ᠤᠴᠠᠨ ᠤ ᠪᠠᠭᠤᠳᠠᠯ ᠤᠨ ᠺᠤᠮᠫᠠᠨᠢ ᠲᠠᠭᠠᠭᠠᠴᠢᠯᠠᠭᠰᠠᠨ 《 ᠦᠪᠦᠷ ᠮᠤᠩᠭ᠋ᠤᠯ ᠤᠨ ᠪᠦᠰᠡ ᠨᠤᠳᠤᠭ ᠤᠨ 2017 ᠤᠨ ᠤ ᠵᠤᠨ ᠨᠠᠮᠤᠷ ᠤᠨ ᠤᠯᠠᠷᠢᠯ ᠤᠨ ᠠᠶᠠᠯᠠᠯ ᠵᠢᠭᠤᠯᠴᠢᠯᠠᠯ ᠤᠨ ᠪᠦᠲᠦᠭᠡᠭ᠍ᠳᠡᠬᠦᠨ ᠢᠶᠡᠨ ᠰᠤᠷᠳᠠᠯᠴᠢᠯᠠᠬᠤ ᠬᠤᠷᠠᠯ》 ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ᠃ ᠰᠤᠷᠪᠤᠯᠵᠢᠯᠠᠭᠴᠢ ᠬᠤᠷᠠᠯ ᠡᠴᠡ ᠤᠶᠢᠯᠠᠭᠠᠭᠰᠠᠨ ᠢᠶᠡᠷ᠂ ᠦᠨᠦ ᠵᠢᠯ ᠬᠦᠬᠡᠬᠤᠳᠠ ᠨᠢᠰᠬᠦ ᠤᠩᠭ᠋ᠤᠴᠠᠨ ᠤ ᠪᠠᠭᠤᠳᠠᠯ ᠵᠤᠨ ᠨᠠᠮᠤᠷ ᠤᠨ ᠠᠶᠠᠯᠠᠯ ᠳ᠋ᠠᠭᠠᠨ ᠨᠡᠯᠢᠶᠡᠳ ᠲᠤᠬᠢᠷᠠᠭᠤᠯᠤᠯᠳᠠ ᠬᠢᠵᠡᠢ᠄

    ᠤᠯᠠᠷᠢᠯ ᠰᠤᠯᠢᠭᠳᠠᠬᠤ ᠡᠬᠢᠨ ᠢᠶᠡᠷ᠂ ᠬᠦᠬᠡᠬᠤᠳᠠ ᠨᠢᠰᠬᠦ ᠤᠩᠭ᠋ᠤᠴᠠᠨ ᠤ ᠪᠠᠭᠤᠳᠠᠯ ᠨᠡᠶᠢᠳᠡ 100 ᠠᠶᠠᠯᠠᠯ ᠤᠨ ᠱᠤᠭᠤᠮ ᠨᠡᠪᠳᠡᠷᠡᠬᠦᠯᠵᠤ᠂ ᠦᠩᠬᠡᠷᠡᠭᠰᠡᠨ ᠤᠨ ᠤ ᠮᠦᠨ ᠦᠶ᠎ᠡ ᠡᠴᠡ ᠠᠶᠠᠯᠠᠯ ᠤᠨ ᠱᠤᠭᠤᠮ 12 ᠨᠡᠮᠡᠭᠳᠡᠵᠤ᠂ ᠡᠳᠤᠷ ᠲᠤ ᠲᠠᠪᠬᠤᠷᠳᠠᠭᠰᠠᠨ ᠲᠤᠭ᠎ᠠ ᠪᠡᠷ 270 ᠨᠢᠰᠬᠦ ᠤᠩᠭ᠋ᠤᠴᠠ ᠨᠢᠰᠬᠦ ᠪᠤᠶᠤ ᠭᠠᠵᠠᠷᠳᠠᠵᠤ᠂ ᠦᠩᠬᠡᠷᠡᠭᠰᠡᠨ ᠤᠨ ᠤ ᠮᠦᠨ ᠦᠶ᠎ᠡ ᠶᠢᠨ ᠡᠴᠡ 57 ᠨᠡᠮᠡᠭᠳᠡᠪᠡ᠃ ᠠᠭᠠᠷ ᠠᠶᠠᠯᠠᠯ ᠤᠨ ᠨᠡᠶᠢᠳᠡ 28 ᠺᠤᠮᠫᠠᠨᠢ ᠬᠦᠬᠡᠬᠤᠳᠠ ᠨᠢᠰᠬᠦ ᠤᠩᠭ᠋ᠤᠴᠠᠨ ᠤ ᠦᠢᠯᠡᠴᠢᠯᠡᠬᠡ ᠳᠤ ᠤᠷᠤᠯᠴᠠᠵᠤ᠂ ᠦᠩᠬᠡᠷᠡᠭᠰᠡᠨ ᠤᠨ ᠤ ᠮᠦᠨ ᠦᠶ᠎ᠡ ᠡᠴᠡ 3 ᠺᠤᠮᠫᠠᠨᠢ ᠨᠡᠮᠡᠭᠳᠡᠪᠡ᠃ ᠠᠶᠠᠯᠠᠯ ᠨᠡᠪᠲᠡᠷᠡᠬᠦ 65 ᠬᠤᠳᠠ (ᠡᠬᠦᠨ ᠳᠤ ᠤᠯᠠᠨ ᠤᠯᠤᠰ ᠤᠨ ᠪᠤᠯᠤᠨ ᠪᠦᠰᠡ ᠨᠤᠳᠤᠭ ᠤᠨ ᠬᠤᠳᠠ 6 ᠪᠠᠭᠳᠠᠨ᠎ᠠ)᠂ ᠦᠩᠭᠡᠷᠡᠭᠰᠡᠨ ᠤᠨ ᠤ ᠮᠦᠨ ᠦᠶ᠎ᠡ ᠡᠴᠡ 11 ᠬᠤᠳᠠ ᠨᠡᠮᠡᠭᠳᠡᠪᠡ (ᠵᠢᠶᠠᠩᠰᠤ ᠶᠢᠨ ᠶᠠᠩᠵᠧᠤ᠂ ᠡᠦ ᠰᠢ᠂ ᠭᠤᠧᠠᠩ᠋ᠳᠦ᠋ᠩ ᠤᠨ ᠵᠦᠬᠠᠢ᠂ ᠱᠠᠨ ᠰᠢ ᠶᠢᠨ ᠴᠠᠩ ᡁᠢ᠂ ᠾᠧᠪᠧᠢ ᠶᠢᠨ ᠬᠠᠨ ᠳ᠋ᠠᠨ᠂ ᠲᠠᠩᠱᠠᠨ᠂ ᠬᠠᠷᠠᠮᠦ᠋ᠷᠠᠨ ᠤ ᠳ᠋ᠠᠴᠢᠩ᠂ ᠵᠠᠯᠠᠨ ᠠᠶᠢᠯ᠂ ᠸᠶ᠋ᠶᠧᠲ᠋ᠨᠠᠮ ᠤᠨ ᠨᠢᠶᠠ ᠴᠠᠩ᠂ ᠲᠠᠶᠢᠯᠠᠨᠳ᠋ ᠤᠨ ᠪᠠᠩᠺᠦᠺ᠂ ᠫᠦᠺᠧᠳ᠋)᠃ ᠠᠶᠠᠯᠠᠯ ᠰᠢᠭᠤᠳ ᠨᠡᠪᠳᠡᠷᠡᠬᠦ 52 ᠬᠤᠳᠠ ᠪᠠᠶᠢᠵᠤ᠂ ᠰᠢᠨ᠎ᠡ ᠪᠡᠷ ᠨᠡᠮᠡᠭᠳᠡᠭᠰᠡᠨ ᠠᠶᠠᠯᠠᠯ ᠰᠢᠭᠤᠳ ᠨᠡᠪᠳᠡᠷᠡᠭᠦ 9 ᠴᠢᠭ ᠪᠠᠶᠢᠳᠠᠭ (ᠺᠦᠨᠮᠢᠩ᠂ ᠬᠦᠢᠶᠠᠩ᠂ ᠶᠠᠩᠵᠧᠤ᠂ ᠴᠠᠩ ᡁᠢ᠂ ᠬᠠᠨ ᠳ᠋ᠠᠨ᠂ ᠲᠠᠩᠱᠠᠨ᠂ ᠵᠠᠯᠠᠨ ᠠᠶᠢᠯ᠂ ᠨᠢᠶᠠ ᠴᠠᠩ᠂ ᠫᠦᠺᠧᠳ᠋ )᠃ ᠮᠤᠵᠢ ᠤᠨ ᠲᠡᠰ ᠤᠨ ᠬᠤᠳᠠ ᠶᠢᠨ ᠲᠤᠳᠤᠷ᠎ᠠ ᡀᠠᠰᠠ ᠡᠴᠡ ᠪᠤᠰᠤᠳ ᠬᠤᠳᠠ ᠳ᠋ᠦ ᠪᠦᠬᠦᠨ ᠢᠶᠡᠷ ᠢᠶᠡᠨ ᠠᠶᠠᠯᠠᠯ ᠨᠡᠪᠳᠡᠷᠡᠵᠤ᠂ ᠮᠤᠵᠢ ᠶᠢᠨ ᠲᠡᠰ ᠤᠨ 29 ᠬᠤᠳᠠ (ᠰᠢᠭᠤᠳ ᠬᠠᠷᠢᠶ᠎ᠠ ᠬᠤᠳᠠ᠂ ᠦᠪᠡᠷᠳᠡᠬᠡᠨ ᠵᠠᠰᠠᠬᠤ ᠤᠷᠤᠨ) ᠶᠢᠨ ᠬᠤᠭᠤᠷᠤᠨᠳᠤ ᠡᠳᠤᠷ ᠪᠦᠷᠢ ᠠᠶᠠᠯᠠᠯ ᠲᠠᠢ ᠪᠠᠶᠢᠬᠤ ᠢᠢ ᠪᠡᠶᠡᠯᠡᠬᠦᠯᠦᠨ᠎ᠡ᠃ ᠤᠤᠯ ᠤᠨ ᠠᠶᠠᠯᠠᠯ ᠨᠡᠪᠳᠡᠷᠡᠵᠤ ᠪᠠᠶᠢᠭᠰᠠᠨ 23 ᠬᠤᠳᠠ ᠶᠢᠨ ᠨᠢᠰᠦᠯᠬᠡ ᠶᠢᠨ ᠲᠤᠭ᠎ᠠ ᠨᠡᠮᠡᠭᠳᠡᠵᠤ᠂ ᠡᠬᠦᠨ ᠳᠤ ᠤᠷᠤᠨ ᠤ ᠭᠠᠳᠠᠨᠠᠬᠢ 18 ᠬᠤᠳᠠ᠂ ᠤᠷᠤᠨ ᠤ ᠲᠤᠳᠤᠷᠠᠬᠢ 5 ᠠᠶᠢᠮᠠᠭ ᠬᠤᠳᠠ ᠪᠠᠬᠳᠠᠨ᠎ᠠ᠃

    ᠤᠯᠠᠷᠢᠯ ᠰᠤᠯᠢᠭᠳᠠᠭᠰᠠᠨ ᠤ ᠲᠠᠷᠠᠭ᠎ᠠ᠂ ᠬᠦᠬᠡᠬᠤᠳᠠ ᠡᠴᠡ ᠠᠶᠠᠯᠠᠯ ᠨᠡᠪᠳᠡᠷᠡᠬᠦ ᠡᠯ᠎ᠡ ᠬᠤᠳᠠ ᠶᠢᠨ ᠨᠢᠰᠦᠯᠬᠡ ᠶᠢᠨ ᠪᠠᠶᠢᠳᠠᠯ ᠳᠤ ᠲᠤᠤᠷᠠᠬᠢ ᠮᠡᠳᠤ ᠤᠨᠴᠠᠯᠢᠭ ᠲᠠᠢ᠃ ᠤᠷᠤᠨ ᠤ ᠭᠠᠳᠠᠨᠠᠬᠢ ᠭᠤᠤᠯᠳᠠᠯᠭ᠎ᠠ ᠲᠠᠢ ᠬᠤᠳᠠ ᠶᠢᠨ ᠬᠤᠭᠤᠷᠤᠨᠳᠠᠬᠢ ᠠᠶᠠᠯᠠᠯ ᠤᠨ ᠱᠤᠭᠤᠮ ᠤᠨ ᠲᠤᠤᠷ ᠤᠯᠠᠮ ᠰᠢᠯᠢᠳᠡᠭᠵᠢᠵᠤ᠂ ᠨᠢᠰᠦᠯᠬᠡ ᠶᠢᠨ ᠬᠤᠪᠢᠷᠠᠯᠳᠠ ᠶᠢᠨ ᠪᠠᠶᠢᠳᠠᠯ ᠢ ᠴᠠᠭ ᠲᠤᠬᠠᠢ ᠳᠤ ᠨᠢ ᠨᠡᠩ ᠵᠤᠬᠢᠰᠲᠠᠢ ᠲᠤᠬᠢᠷᠠᠭᠤᠯᠤᠨ᠎ᠠ᠃ ᠵᠤᠷᠴᠢᠭᠴᠢᠳ ᠬᠠᠮᠤᠭ ᠡᠴᠡ ᠤᠯᠠᠨ ᠪᠡᠭᠡᠵᠢᠩ ᠱᠠᠩᠬᠠᠢ ᠱᠧᠨᠵᠧᠨ ᠴᠧᠩᠳᠦ ᠴᠢᠭᠯᠡᠯ ᠤᠨ ᠨᠢᠰᠦᠯᠬᠡ ᠲᠤᠭᠳᠠᠭᠤᠨ ᠢᠶᠡᠷ ᠨᠡᠮᠡᠭᠳᠡᠪᠡ᠃ ᠨᠢᠰᠦᠯᠬᠡ ᠶᠢᠨ ᠪᠠᠶᠢᠳᠠᠯ ᠢ ᠴᠠᠭ ᠲᠤᠬᠠᠢ  ᠳᠤ ᠨᠢ ᠰᠢᠯᠢᠳᠡᠭᠵᠢᠬᠦᠯᠦᠨ᠎ᠡ᠃ ᠤᠷᠤᠨ ᠤ ᠲᠤᠳᠤᠷᠠᠬᠢ ᠠᠶᠠᠯᠠᠯ ᠤᠨ ᠱᠤᠭᠤᠮ ᠤᠨ ᠲᠤᠤᠷ ᠢ ᠤᠯᠠᠮ ᠢᠶᠡᠷ ᠰᠢᠯᠢᠳᠡᠭᠵᠢᠬᠦᠯᠵᠤ᠂ ᠭᠤᠤᠯ ᠪᠤᠯᠤᠨ ᠰᠠᠯᠪᠤᠷᠢ ᠱᠤᠭᠤᠮ ᠤᠨ ᠬᠤᠯᠪᠤᠯᠳᠤᠬᠤ ᠪᠤᠯᠤᠮᠵᠢ ᠶᠢ ᠤᠯᠠᠮ ᠨᠡᠮᠡᠭᠳᠡᠬᠦᠯᠵᠡᠢ᠃ ᠤᠯᠠᠨ ᠤᠯᠤᠰ ᠤᠨ ᠭᠠᠵᠠᠷ ᠤᠷᠤᠨ ᠤ ᠠᠶᠠᠯᠠᠯ ᠤᠨ ᠱᠤᠭᠤᠮ ᠮᠦᠨ ᠲᠤᠭᠳᠠᠭᠤᠨ ᠢᠶᠡᠷ ᠨᠡᠮᠡᠭᠳᠡᠵᠤ᠂ ᠵᠡᠬᠦᠨ ᠡᠮᠦᠨᠡᠳᠤ ᠠᠽᠢᠶ᠎ᠠ ᠶᠢᠨ ᠠᠶᠠᠯᠠᠯ ᠤᠨ ᠱᠤᠭᠤᠮ ᠰᠢᠨ᠎ᠠ ᠰᠢᠪᠳᠤᠯᠤᠯᠳᠠ ᠲᠠᠢ᠃

ᠢᠷᠡᠯᠳᠡ᠄ ᠬᠦᠬᠡᠬᠤᠳᠠ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120691120780840