蒙古文网站Logo
ᠰᠢᠨᠬᠤᠸᠠ ᠮᠤᠩᠭ᠋ᠤᠯ ᠨᠧᠲ

ᠬᠦᠬᠡᠬᠤᠳᠠ ᠶᠢᠨ ᠵᠠᠮ ᠬᠠᠷᠢᠯᠴᠠᠭᠠᠨ ᠤ ᠰᠢᠨ᠎ᠠ ᠪᠠᠭᠠᠵᠢ —BRT ᠬᠤᠷᠳᠤᠨ ᠤ ᠵᠠᠮ ᠤᠨ ᠠᠦ᠋ᠲ᠋ᠤᠪᠦ᠋ᠰ ᠠᠰᠢᠭᠯᠠᠯᠳᠠ ᠳᠤ ᠤᠷᠤᠬᠤ ᠪᠡᠷ ᠪᠤᠢ

2017-04-30 11:48

    4 ᠰᠠᠷ᠎ᠠ ᠶᠢᠨ 24 ᠤ ᠡᠳᠤᠷ᠂ ᠰᠤᠷᠪᠤᠯᠵᠢᠯᠠᠭᠴᠢ ᠬᠦᠬᠡᠬᠤᠳᠠ ᠶᠢᠨ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ ᠡᠴᠡ ᠤᠶᠢᠯᠠᠭᠠᠭᠰᠠᠨ ᠢᠶᠡᠷ᠂ ᠠᠦ᠋ᠲ᠋ᠤᠪᠦ᠋ᠰ ᠤᠨ ᠶᠡᠷᠦᠩᠬᠡᠢ ᠺᠤᠮᠫᠠᠨᠢ  ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠳᠤᠬᠠᠨ ᠳᠤ BRT(Bus Rapid Transit)ᠬᠤᠷᠳᠤᠨ ᠤ ᠵᠠᠮ ᠤᠨ ᠠᠦ᠋ᠲ᠋ᠤᠪᠦ᠋ᠰ ᠤᠨ ᠠᠰᠢᠭᠯᠠᠯᠳᠠ ᠳᠤ ᠤᠷᠤᠬᠤ ᠡᠴᠡ ᠡᠮᠦᠨᠡᠬᠢ ᠪᠡᠯᠡᠳᠬᠡᠯ ᠠᠵᠢᠯ ᠢ ᠶᠠᠭᠠᠷᠠᠯᠲᠠᠢ ᠬᠢᠵᠤ᠂ BRT ᠬᠤᠷᠳᠤᠨ ᠤ ᠵᠠᠮ ᠤᠨ ᠠᠦ᠋ᠲ᠋ᠤᠪᠦ᠋ᠰ ᠢ 5 ᠰᠠᠷ᠎ᠠ ᠶᠢᠨ 1 ᠤ ᠡᠳᠤᠷ ᠡᠴᠡ ᠲᠤᠷᠰᠢᠨ ᠠᠵᠢᠯᠯᠠᠭᠤᠯᠬᠤ ᠶᠢ ᠪᠠᠳᠤᠯᠠᠬᠤ ᠪᠡᠷ ᠪᠤᠢ᠃

    ᠲᠤᠷᠰᠢᠨ ᠠᠵᠢᠯᠯᠠᠭᠤᠯᠬᠤ ᠬᠤᠭᠤᠴᠠᠭᠠᠨ ᠳᠤ᠂ ᠠᠦ᠋ᠲ᠋ᠤᠪᠦ᠋ᠰ  ᠤᠨ ᠶᠡᠷᠦᠩᠬᠡᠢ ᠺᠤᠮᠫᠠᠨᠢ ᠬᠦᠬᠡᠬᠤᠳᠠ ᠶᠢᠨ ᠬᠤᠳᠠ ᠶᠢᠨ ᠪᠦᠲᠦᠬᠡᠨ ᠪᠠᠶᠢᠭᠤᠯᠤᠳᠠ ᠶᠢᠨ ᠵᠦᠪᠯᠡᠯ ᠲᠠᠢ ᠬᠠᠮᠳᠤᠷᠠᠨ ᠠᠶᠠᠨᠴᠢᠨ ᠰᠠᠭᠤᠯᠭᠠᠭᠤ ᠦᠭᠡᠢ ᠪᠡᠷ ᠲᠤᠷᠰᠢᠨ ᠠᠶᠠᠯᠠᠭᠤᠯᠬᠤ ᠲᠤᠮᠳᠠ ᠪᠠᠨ ᠢᠯᠡᠷᠡᠭᠰᠡᠨ ᠠᠰᠠᠭᠤᠳᠠᠯ ᠢ ᠰᠢᠶ᠋ᠳᠪᠦᠷᠢᠯᠡᠵᠤ᠂ ᠬᠤᠷᠳᠤᠨ ᠤ ᠵᠠᠮ ᠤᠨ ᠠᠦ᠋ᠲ᠋ᠤᠪᠦ᠋ᠰ ᠤᠨ ᠲᠦᠬᠦᠮ ᠲᠦᠳᠡ ᠪᠦᠭᠡᠳ ᠠᠶᠤᠯᠬᠦᠢ ᠪᠠᠶᠢᠬᠤ ᠶᠢ ᠪᠠᠳᠤᠯᠠᠨ᠎ᠠ᠃

    BRT ᠬᠤᠷᠳᠤᠨ ᠤ ᠵᠠᠮ ᠤᠨ ᠠᠦ᠋ᠲ᠋ᠤᠪᠦ᠋ᠰ 37 ᠦᠷᠳᠡᠬᠡ ᠲᠠᠮᠵᠢᠨ 62 ᠺᠢᠯᠤᠮᠧᠲ᠋ᠷ ᠠᠶᠠᠯᠠᠨ᠎ᠠ᠃ ᠦᠨᠦ ᠵᠢᠯ ᠤᠨ 5 ᠰᠠᠷ᠎ᠠ ᠶᠢᠨ ᠰᠡᠬᠦᠯᠴᠢ ᠪᠡᠷ ᠠᠯᠪᠠᠨ ᠶᠤᠰᠤ ᠪᠡᠷ ᠠᠰᠢᠭᠯᠠᠯᠳᠠ ᠳᠤ ᠤᠷᠤᠭᠤᠯᠤᠨ᠎ᠠ᠃

    BRT ᠬᠤᠷᠳᠤᠨ ᠤ ᠵᠠᠮ ᠤᠨ ᠠᠦ᠋ᠲ᠋ᠤᠪᠦ᠋ᠰ  ᠤᠨ ᠲᠠᠰᠤᠯᠪᠦᠷᠢ ᠶᠢ 2 ᠲᠦᠬᠦᠷᠢᠭ᠌ ᠢᠶᠡᠷ ᠲᠦᠯᠦᠪᠯᠡᠨ᠂  ᠠᠦ᠋ᠲ᠋ᠤᠪᠦ᠋ᠰ ᠤᠨ ᠺᠠᠷᠲ ᠲᠠᠢ ᠠᠶᠠᠨᠴᠢᠳ ᠲᠤ 9 ᠪᠡᠷ ᠨᠤᠭᠤᠯᠤᠨ᠂ ᠰᠤᠷᠤᠭᠴᠢᠳ ᠲᠤ 5 ᠪᠡᠷ ᠨᠤᠭᠤᠯᠬᠤ ᠪᠡᠷ ᠲᠦᠯᠦᠪᠯᠡᠵᠤ ᠪᠤᠢ᠃

 

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120691120897853