蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ᠄ 5 ᠲᠦᠷᠦᠯ ᠤᠨ ᠲᠤᠰᠬᠠᠢ ᠠᠵᠢᠯᠯᠠᠭ᠎ᠠ ᠦᠷᠨᠢᠬᠦᠯᠵᠤ ᠰᠠᠭᠤᠭᠠᠯᠢ ᠢᠷᠭᠡᠳ ᠤᠨ ᠡᠷᠡᠬᠦᠯ ᠮᠡᠨᠳᠤ ᠶᠢ ᠲᠡᠭᠡᠭ᠍ᠰᠢᠯᠡᠬᠦᠯᠤᠨ᠎ᠠ

2017-05-17 17:34

    ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠮᠡᠨᠳᠤ ᠶᠢ ᠠᠬᠢᠭᠤᠯᠬᠤ ᠠᠵᠢᠯ ᠤᠨ ᠬᠤᠷᠠᠯ ᠡᠴᠡ ᠤᠶᠢᠯᠠᠭᠠᠭᠰᠠᠨ ᠢᠶᠡᠷ᠂ ᠦᠨᠦ ᠵᠢᠯ ᠦᠪᠦᠷ ᠮᠤᠩᠭ᠋ᠤᠯ ᠡᠷᠡᠬᠦᠯ ᠮᠡᠨᠳᠤ ᠶᠢ ᠠᠬᠢᠭᠤᠯᠬᠤ ᠪᠤᠯᠤᠨ ᠰᠤᠷᠭᠠᠨ ᠬᠦᠮᠦᠵᠢᠯ ᠤᠨ 5 ᠲᠤᠰᠬᠠᠢ ᠲᠦᠰᠤᠯ ᠤᠨ ᠠᠵᠢᠯᠯᠠᠭ᠎ᠠ ᠦᠷᠨᠢᠬᠦᠯᠵᠤ᠂ ᠤᠷᠤᠨ ᠲᠠᠶᠠᠭᠠᠷ ᠤᠨ ᠰᠠᠭᠤᠭᠠᠯᠢ ᠢᠷᠭᠡᠳ ᠤᠨ ᠡᠷᠡᠬᠦᠯ ᠮᠡᠨᠳᠤ ᠶᠢᠨ ᠲᠦᠪᠰᠢᠨ ᠢ ᠪᠦᠬᠦ ᠲᠠᠯ᠎ᠠ ᠪᠡᠷ ᠲᠡᠭᠡᠭ᠍ᠰᠢᠯᠡᠬᠦᠯᠦᠨ᠂ ᠡᠷᠡᠬᠦᠯ ᠮᠡᠨᠳᠤ ᠦᠪᠦᠷ ᠮᠤᠩᠭ᠋ᠤᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠤᠨ᠎ᠠ ᠭᠡᠵᠡᠢ᠃

    ᠨᠢᠬᠡ᠂ ᠡᠷᠡᠬᠦᠯ ᠮᠡᠨᠳᠤ ᠶᠢ ᠨᠦᠯᠦᠬᠡᠯᠡᠬᠦ ᠡᠯᠧᠮᠧᠨ᠋ᠲ᠋ ᠲᠤ ᠦᠨᠡᠯᠡᠭᠡ ᠬᠢᠬᠦ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠤᠨ᠎ᠠ᠃ ᠡᠷᠡᠬᠦᠯ ᠮᠡᠨᠳᠤ ᠶᠢ ᠨᠦᠯᠦᠬᠡᠯᠡᠬᠦ ᠡᠯᠧᠮᠧᠨ᠋ᠲ᠋ ᠲᠤ ᠦᠨᠡᠯᠡᠭᠡ ᠬᠢᠬᠦ ᠲᠤᠭᠳᠠᠭᠠᠯ ᠭᠠᠷᠭᠠᠨ᠂ ᠡᠷᠡᠬᠦᠯ ᠮᠡᠨᠳᠤ ᠶᠢ ᠨᠦᠯᠦᠬᠡᠯᠡᠬᠦ ᠡᠯᠧᠮᠧᠨ᠋ᠲ᠋ ᠲᠤ ᠦᠨᠡᠯᠡᠭᠡ ᠬᠢᠬᠦ ᠠᠵᠢᠯ ᠢ ᠦᠷᠨᠢᠬᠦᠯᠵᠤ᠂ ᠬᠤᠯᠪᠤᠭᠳᠠᠬᠤ ᠬᠦᠮᠦᠰ ᠢ ᠵᠤᠬᠢᠶᠠᠨ ᠪᠠᠶᠢᠭᠤᠯᠤᠨ ᠪᠤᠯᠪᠠᠰᠤᠷᠠᠭᠤᠯᠵᠤ᠂ ᠡᠯ᠎ᠡ ᠲᠦᠷᠦᠯ ᠤᠨ ᠡᠳ᠋ ᠤᠨ ᠵᠠᠰᠠᠭ ᠨᠡᠶᠢᠬᠡᠮ ᠤᠨ ᠬᠦᠭ᠍ᠵᠢᠯᠳᠡ ᠶᠢᠨ ᠲᠦᠯᠦᠪᠯᠡᠬᠡ ᠪᠤᠯᠤᠨ ᠲᠦᠷᠦ ᠶᠢᠨ ᠪᠤᠳᠤᠯᠭ᠎ᠠ ᠶᠢᠨ ᠡᠷᠡᠬᠦᠯ ᠮᠡᠨᠳᠤ ᠳᠤ ᠨᠦᠯᠦᠭᠡᠯᠡᠭᠦ ᠶᠢ ᠰᠢᠰᠲ᠋ᠧᠮ ᠲᠠᠢ ᠦᠨᠡᠯᠡᠨ᠎ᠡ᠃

    ᠬᠤᠶᠠᠷ᠂ ᠡᠷᠡᠬᠦᠯ ᠮᠡᠨᠳᠤ ᠶᠢ ᠠᠬᠢᠭᠤᠯᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠵᠤ᠂ ᠡᠷᠡᠬᠦᠯ ᠮᠡᠨᠳᠤ ᠦᠪᠦᠷ ᠮᠤᠩᠭ᠋ᠤᠯ ᠤᠨ ᠠᠵᠢᠯᠯᠠᠭ᠎ᠠ ᠶᠢᠨ ᠪᠷᠧᠨ᠋ᠳ᠋ ᠢ ᠪᠠᠶᠢᠭᠤᠯᠤᠨ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠡᠷᠡᠬᠦᠯ ᠮᠡᠨᠳᠤ ᠬᠤᠰᠢᠭᠤ ᠰᠢᠶᠠᠨ ( ᠬᠤᠳᠠ᠂ ᠲᠤᠭᠤᠷᠢᠭ)᠂ ᠡᠷᠡᠬᠦᠯ ᠮᠡᠨᠳᠤ ᠰᠤᠮᠤ ᠰᠢᠶᠠᠩ ᠪᠠᠯᠭᠠᠰᠤ ( ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ)᠂ ᠡᠷᠡᠬᠦᠯ ᠮᠡᠨᠳᠤ ᠨᠡᠶᠢᠬᠡᠮ ᠲᠤᠭᠤᠷᠢᠭ ( ᠭᠠᠴᠠᠭ᠎ᠠ᠂ ᠲᠤᠰᠬᠤᠨ)᠂ ᠡᠷᠡᠬᠦᠯ ᠮᠡᠨᠳᠤ ᠬᠡᠷ ᠪᠦᠯᠢ ᠪᠠᠶᠢᠭᠤᠯᠬᠤ ᠶᠢ ᠠᠬᠢᠭᠤᠯᠤᠨ᠎ᠠ᠃

    ᠭᠤᠷᠪᠠ᠄ ᠡᠷᠡᠬᠦᠯ ᠮᠡᠨᠳᠤ ᠶᠢᠨ ᠰᠢᠨᠵᠢᠯᠡᠬᠦ ᠤᠬᠠᠭᠠᠨ ᠤ ᠲᠦᠬᠡᠮᠡᠯᠵᠢᠭᠦᠯᠤᠯᠲᠠ ᠶᠢᠨ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠡ᠃ ᠡᠷᠡᠭᠦᠯ ᠮᠡᠨᠳᠤ ᠲᠦᠯᠦᠪᠯᠡᠬᠡᠲᠤ ᠦᠷᠡᠵᠢᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠰᠣᠨᠢᠨ ᠮᠡᠳᠡᠭᠡ ᠵᠠᠭᠤᠴᠢᠯᠠᠭᠤᠷ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠮᠲᠤᠷᠠᠯᠴᠠᠬᠤ ᠲᠤᠬᠲᠠᠯᠴᠠᠭ᠎ᠠ  ᠪᠠᠶᠢᠭᠤᠯᠵᠤ᠂ ᠡᠯ᠎ᠡ ᠪᠦᠰᠡ ᠨᠤᠳᠤᠭ  ᠤᠨ ᠡᠷᠡᠬᠦᠯ ᠮᠡᠨᠳᠤ ᠶᠢᠨ ᠰᠢᠨᠵᠢᠯᠡᠬᠦ ᠤᠬᠠᠭᠠᠨ ᠲᠦᠬᠡᠮᠡᠯᠵᠢᠭᠦ ᠳᠠᠪᠴᠠᠩ ᠤᠨ ᠪᠠᠶᠢᠭᠤᠯᠤᠯᠲᠠ  ᠶᠢ ᠵᠢᠯᠦᠭᠤᠳᠤᠨ᠂ ᠠᠶᠢᠮᠠᠭ ᠬᠤᠲᠠ ᠶᠢᠨ ᠵᠡᠷᠭᠡᠯᠡᠯ ᠤᠨ ᠡᠷᠡᠬᠦᠯ ᠮᠡᠨᠳᠤ ᠶᠢᠨ ᠫᠷᠤᠭ᠍ᠷᠠᠮ ᠤᠨ ᠨᠡᠪᠲᠡᠷᠡᠬᠦᠯᠬᠡ ᠪᠠ ᠪᠤᠯᠤᠩ ᠢ ᠴᠢᠬᠤᠯᠠᠴᠢᠯᠠᠨ ᠬᠢᠵᠤ᠂ ᠨᠡᠷ᠎ᠠ ᠨᠦᠯᠦᠭᠡ ᠪᠦᠬᠦᠢ ᠡᠷᠡᠬᠦᠯ ᠮᠡᠨᠳᠤ ᠶᠢᠨ ᠰᠢᠨᠵᠢᠯᠡᠬᠦ ᠤᠬᠠᠭᠠᠨ ᠲᠦᠬᠡᠮᠡᠯᠵᠢᠭᠦ ᠳᠠᠪᠴᠠᠩ ᠢ ᠪᠦᠲᠦᠬᠡᠨ ᠪᠠᠶᠢᠭᠤᠯᠤᠨ᠎ᠠ᠃

    ᠳᠦᠷᠪᠡ᠄ ᠲᠠᠮᠠᠬᠢ ᠶᠢ ᠬᠢᠵᠠᠭᠠᠷᠯᠠᠬᠤ ᠲᠤᠰᠬᠠᠢ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠡ᠃ ᠬᠡᠪᠯᠡᠯ ᠮᠡᠳᠡᠭᠡᠯᠡᠯ ᠤᠨ ᠬᠡᠯᠪᠡᠷᠢ ᠪᠤᠯᠤᠨ ᠠᠭᠤᠯᠭ᠎ᠠ ᠪᠡᠷ ᠪᠦᠲᠦᠭᠡᠯᠴᠢ ᠪᠡᠷ ᠲᠠᠮᠠᠬᠢ ᠶᠢ ᠬᠢᠵᠠᠭᠠᠷᠯᠠᠵᠤ᠂ ᠢᠷᠭᠡᠳ  ᠤᠨ ᠲᠠᠮᠠᠬᠢᠨ ᠤ  ᠬᠤᠤᠷ ᠨᠦᠯᠦᠬᠡᠯᠡᠯ  ᠤᠨ ᠲᠤᠬᠠᠢ ᠲᠠᠨᠢᠯᠳᠡ ᠶᠢ ᠳᠡᠭᠡᠭ᠍ᠰᠢᠯᠡᠬᠦᠯᠵᠤ᠂ ᠲᠠᠮᠠᠬᠢ ᠲᠠᠳᠠᠬᠤ ᠦᠭᠡᠢ᠂ ᠠᠷᠢᠬᠢ ᠪᠠᠷᠢᠬᠤ ᠦᠬᠡᠢ᠂ ᠲᠠᠮᠠᠬᠢ ᠪᠡᠯᠡᠭᠯᠡᠬᠦ ᠦᠬᠡᠢ ᠨᠡᠶᠢᠬᠡᠮ ᠤᠨ ᠰᠢᠯᠢᠳᠡᠭ ᠬᠡᠪ ᠰᠤᠷᠲᠠᠯ ᠢ ᠪᠤᠢ ᠪᠤᠯᠭᠠᠬᠤ ᠶᠢ ᠠᠬᠢᠭᠤᠯᠤᠨ᠎ᠠ᠃

    ᠲᠠᠪᠤ᠄ ᠡᠷᠡᠬᠦᠯ ᠮᠡᠨᠳᠤ  ᠶᠢ ᠠᠬᠢᠭᠤᠯᠬᠤ ᠪᠠ ᠰᠤᠷᠭᠠᠨ ᠬᠦᠮᠦᠵᠢᠯ ᠤᠨ ᠰᠢᠰᠲ᠋ᠧᠮ ᠪᠠᠶᠢᠭᠤᠯᠬᠤ ᠢᠨᠵᠧᠨᠧᠷᠢᠩ ᠢ ᠬᠦᠨᠵᠡᠬᠡᠢ ᠦᠷᠨᠢᠬᠦᠯᠦᠨ᠎ᠡ᠃ ᠡᠷᠡᠬᠦᠯ ᠮᠡᠨᠳᠤ ᠰᠤᠷᠭᠠᠨ ᠬᠦᠮᠦᠵᠢᠯ ᠤᠨ ᠲᠤᠰᠬᠠᠢ ᠪᠠᠶᠢᠭᠤᠯᠤᠮᠵᠢ ᠪᠡᠷ ᠲᠤᠯᠤᠭᠠᠶᠢᠯᠠᠭᠤᠯᠤᠨ᠂ ᠦᠨᠳᠦᠰᠦᠨ ᠱᠠᠲᠤᠨ ᠤ ᠡᠮ ᠡᠮᠨᠡᠯᠬᠡ ᠡᠷᠡᠭᠦᠯ ᠮᠡᠨᠳᠤ ᠶᠢᠨ ᠪᠠᠶᠢᠭᠤᠯᠤᠮᠵᠢ᠂ ᠡᠮᠨᠡᠯᠬᠡ᠂ ᠲᠤᠰᠬᠠᠢ ᠮᠡᠷᠭᠡᠵᠢᠯ ᠤᠨ ᠨᠡᠶᠢᠲᠠ ᠶᠢᠨ ᠡᠷᠡᠬᠦᠯ ᠮᠡᠨᠳᠤ ᠶᠢᠨ ᠪᠠᠶᠢᠭᠤᠯᠤᠮᠵᠢ ᠪᠡᠷ ᠰᠠᠭᠤᠷᠢᠯᠠᠵᠤ᠂ ᠰᠤᠷᠭᠠᠭᠤᠯᠢ᠂ ᠪᠠᠶᠢᠭᠤᠯᠤᠯᠭ᠎ᠠ᠂ ᠨᠡᠶᠢᠬᠡᠮ ᠲᠤᠭᠤᠷᠢᠭ᠂ ᠠᠵᠤ ᠠᠬᠤᠶᠢᠯᠠᠯ ᠠᠵᠢᠯ ᠥᠢᠯᠡᠰ ᠤᠨ ᠨᠢᠬᠡᠴᠡ ᠶᠢᠨ ᠡᠷᠡᠬᠦᠯ ᠮᠡᠨᠳᠤ ᠰᠤᠷᠭᠠᠨ ᠬᠦᠮᠦᠵᠢᠯ  ᠤᠨ ᠡᠭᠦᠷᠭᠡᠲᠤ ᠰᠠᠯᠠᠭ᠎ᠠ ᠮᠦᠴᠢᠷ ᠪᠡᠷ ᠦᠷᠭᠦᠯᠵᠢᠯᠡᠭᠦᠯᠦᠭᠰᠡᠨ ᠡᠷᠡᠬᠦᠯ ᠮᠡᠨᠳᠤ ᠶᠢ ᠠᠬᠢᠭᠤᠯᠬᠤ ᠪᠠ ᠰᠤᠷᠭᠠᠨ ᠬᠦᠮᠦᠵᠢᠯ ᠤᠨ ᠰᠢᠰᠲ᠋ᠧᠮ ᠪᠠᠶᠢᠭᠤᠯᠬᠤ ᠢᠨᠵᠧᠨᠧᠷᠢᠩ ᠢ ᠪᠦᠲᠦᠬᠡᠨ ᠪᠠᠶᠢᠭᠤᠯᠤᠨ᠎ᠠ᠃

ᠢᠷᠡᠯᠳᠡ᠄ ᠬᠦᠬᠡᠬᠤᠳᠠ ᠶᠢᠨ ᠡᠳᠤᠷ ᠤᠨ ᠰᠤᠨᠢᠨ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120691120989433