蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ《ᠪᠠᠷᠠᠭᠤᠨ ᠪᠦᠰᠡ ᠶᠢᠨ ᠲᠦᠯᠦᠪᠯᠡᠭᠡ》 ᠶᠢ ᠪᠡᠶᠡᠯᠡᠭᠦᠯᠵᠤ ᠰᠠᠶᠢᠨ ᠳᠤᠷᠠᠲᠠᠳ ᠢ ᠪᠦᠬᠦᠨ  ᠢ ᠨᠡᠶᠢᠭᠡᠮ ᠤᠨ ᠳᠠᠭᠠᠳᠬᠠᠯ  ᠳᠤ ᠤᠷᠤᠭᠤᠯᠪᠠ

2017-05-18 12:00

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ《 ᠪᠠᠷᠠᠭᠤᠨ ᠪᠦᠰᠡ ᠶᠢᠨ ᠲᠦᠯᠦᠪᠯᠡᠭᠡ》ᠰᠠᠶᠢᠨ ᠲᠤᠷᠠᠲᠠᠳ ᠤᠨ ᠨᠦᠬᠦᠪᠦᠷᠢ ᠵᠠᠷᠤᠳᠠᠯ ᠤᠨ ᠪᠠᠲᠤᠯᠭᠠᠵᠢᠭᠤᠯᠬᠤ ᠬᠦᠴᠦᠯᠡᠴᠡ ᠪᠡᠨ ᠴᠢᠩᠭ᠋ᠠᠳᠬᠠᠵᠤ᠂ ᠤᠯᠠᠮ ᠴᠢᠨᠠᠭᠰᠢᠲᠠ ᠦᠪᠦᠷ ᠮᠣᠩᠭᠣᠯ ᠳᠤ ᠰᠠᠭᠤᠷᠢᠰᠢᠨ᠂ ᠦᠪᠦᠷ ᠮᠣᠩᠭᠣᠯ ᠳᠤ ᠦᠢᠯᠡᠴᠢᠯᠡᠭᠦ ᠶᠢ ᠨᠢ ᠵᠤᠷᠢᠬᠵᠢᠭᠤᠯᠬᠤ ᠶᠢᠨ ᠲᠦᠯᠦᠭᠡ 2017 ᠤᠨ ᠳᠤ᠂ ᠦᠪᠦᠷ ᠮᠣᠩᠭᠣᠯ ᠤᠨ ᠦᠪᠡᠷᠲᠡᠬᠡᠨ ᠵᠠᠰᠠᠬᠤ ᠤᠷᠤᠨ ᠡᠴᠡ《 ᠪᠠᠷᠠᠭᠤᠨ ᠪᠦᠰᠡ ᠶᠢᠨ ᠲᠦᠯᠦᠪᠯᠡᠭᠡ》ᠰᠠᠶᠢᠨ ᠲᠤᠷᠠᠳᠠᠳ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭ᠍ᠰᠢᠯᠡᠭᠦᠯᠬᠦ ᠶᠢᠨ ᠬᠠᠮᠲᠤ ᠰᠠᠶᠢᠨ ᠲᠤᠷᠠᠲᠠᠳ ᠢ ᠪᠦᠬᠦᠨ ᠢ ᠨᠡᠶᠢᠭᠡᠮ ᠤᠨ ᠳᠠᠭᠠᠳᠬᠠᠯ ᠳᠤ ᠤᠷᠤᠭᠤᠯᠪᠠ᠃

    ᠤᠶᠢᠯᠠᠭᠠᠭᠰᠠᠨ ᠢᠶᠡᠷ᠂ 2017 ᠤᠨ ᠳᠤ《 ᠪᠠᠷᠠᠭᠤᠨ ᠪᠦᠰᠡ ᠶᠢᠨ ᠲᠦᠯᠦᠪᠯᠡᠭᠡ》 ᠰᠠᠶᠢᠨ ᠲᠤᠷᠠᠲᠠᠳ ᠤᠨ ᠠᠮᠢᠳᠤᠷᠠᠯ ᠪᠤᠯᠤᠨ ᠵᠠᠮ ᠬᠠᠷᠢᠯᠴᠠᠭᠠᠨ ᠤ ᠨᠦᠬᠦᠪᠦᠷᠢ ᠶᠢᠨ ᠪᠠᠷᠢᠮᠵᠢᠶ᠎ᠠ ᠶᠢ ᠬᠦᠮᠦᠨ ᠪᠦᠷᠢ ᠳᠤ ᠰᠠᠷ᠎ᠠ ᠳᠤ 1500 ᠲᠦᠬᠦᠷᠢᠭ᠌ ᠪᠠᠶᠢᠭᠰᠠᠨ ᠡᠴᠡ ᠨᠢ ᠦᠰᠭᠡᠭᠡᠳ 2500 ᠲᠦᠬᠦᠷᠢᠭ᠌ ᠪᠤᠯᠭᠠᠬᠤ ᠶᠢᠨ ᠲᠠᠭᠠᠤ ᠡᠯ᠎ᠠ ᠲᠦᠷᠦᠯ ᠤᠨ ᠨᠡᠶᠢᠭᠡᠮ ᠤᠨ ᠳᠠᠭᠠᠳᠬᠠᠯ ᠂ ᠨᠦᠬᠦᠪᠦᠷᠢ᠂ ᠭᠡᠷ ᠤᠨ ᠲᠥᠯᠦᠪᠦᠷᠢ᠂ ᠪᠤᠯᠪᠠᠰᠤᠷᠠᠯ ᠤᠨ ᠠᠩᠭᠢ ᠶᠢᠨ ᠨᠦᠬᠦᠪᠦᠷᠢ ᠶᠢ ᠬᠠᠮᠲᠤ ᠳᠤᠨᠢ ᠪᠠᠭᠤᠯᠭᠠᠨ᠎ᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠨᠡᠬᠦ ᠠᠵᠢᠯᠯᠠᠭ᠎ᠠ ᠨᠢ ᠤᠯᠤᠰ ᠳᠠᠶᠠᠭᠠᠷ ᠤᠨ ᠲᠡᠷᠢᠭᠦᠨ ᠳᠤ ᠵᠢᠬᠰᠠᠵᠤ᠂ 2017 ᠤᠨ ᠤ ᠤᠯᠤᠰ ᠳᠠᠶᠠᠭᠠᠷ ᠤᠨ《 ᠪᠠᠷᠠᠭᠤᠨ ᠪᠦᠰᠡ ᠶᠢᠨ ᠲᠦᠯᠦᠪᠯᠡᠭᠡ》ᠰᠠᠶᠢᠨ ᠲᠤᠷᠠᠲᠠᠳ ᠤᠨ ᠲᠸᠯᠸᠢᠰ ᠤᠳᠠᠰᠤᠲᠤ ᠬᠤᠷᠠᠯ ᠳᠡᠭᠡᠷ᠎ᠠ ᠡᠪᠯᠡᠯ ᠤᠨ ᠲᠦᠪ ᠬᠤᠷᠢᠶ᠎ᠠ᠂ ᠬᠦᠮᠦᠨ ᠤ ᠨᠦᠬᠡᠴᠡ ᠨᠡᠶᠢᠭᠡᠮ ᠤᠨ ᠪᠠᠲᠤᠯᠠᠭᠠᠨ ᠤ ᠶᠠᠮᠤᠨ᠂ ᠡᠳ᠋ ᠤᠨ ᠵᠠᠰᠠᠭ ᠤᠨ ᠶᠠᠮᠤᠨ ᠤ ᠰᠠᠶᠢᠰᠢᠶᠠᠯ ᠵᠦᠪᠰᠢᠶᠡᠷᠡᠯ ᠢ ᠤᠯᠵᠠᠢ᠃ 《 ᠪᠠᠷᠠᠭᠤᠨ ᠪᠦᠰᠡ ᠶᠢᠨ ᠲᠦᠯᠦᠪᠯᠡᠭᠡ》 ᠰᠠᠶᠢᠨ ᠲᠤᠷᠠᠲᠠᠳ ᠤᠨ ᠲᠦᠰᠦᠯ ᠬᠡᠷᠡᠭᠵᠢᠭᠦᠯᠦᠭᠳᠡᠭᠰᠡᠨ ᠡᠴᠡ ᠨᠠᠭᠠᠰᠢ᠂ ᠮᠠᠰᠢ ᠤᠯᠠᠨ ᠰᠢᠯᠢᠳᠠᠭ᠌ ᠰᠠᠶᠢᠨ ᠲᠤᠷᠠᠲᠠᠳ ᠪᠠᠷᠠᠭᠤᠨ ᠪᠦᠰᠡ ᠂ ᠦᠨᠳᠦᠰᠦᠨ ᠱᠠᠲᠤ᠂ ᠦᠨᠳᠦᠰᠦᠲᠡᠨ ᠤ ᠪᠦᠰᠡ ᠨᠤᠲᠤᠭ ᠪᠤᠯᠤᠨ ᠬᠦᠴᠢᠷ ᠪᠡᠷᠬᠡᠰᠢᠶᠡᠯ ᠲᠠᠢ ᠪᠦᠰᠡ ᠨᠤᠲᠤᠭ ᠢᠶᠡᠷ ᠰᠠᠭᠤᠷᠢᠰᠢᠵᠤ᠂ ᠲᠤᠬᠠᠢ ᠶᠢᠨ ᠤᠷᠤᠨ ᠤ ᠡᠳ᠋ ᠤᠨ ᠵᠠᠰᠠᠭ᠂ ᠨᠡᠶᠢᠭᠡᠮ ᠤᠨ ᠬᠦᠭ᠍ᠵᠢᠯᠲᠠ ᠳᠤ ᠢᠳᠡᠪᠬᠢ ᠬᠤᠪᠢ ᠨᠡᠮᠡᠷᠢ ᠦᠵᠡᠭᠦᠯᠵᠤ᠂ ᠦᠨᠳᠦᠰᠦᠨ ᠱᠠᠲᠤᠨ ᠤ ᠺᠠᠳ᠋ᠷ ᠠᠵᠢᠯᠲᠠᠳ᠂ ᠢᠷᠭᠡᠳ ᠤᠨ ᠵᠦᠪᠰᠢᠶᠡᠷᠡᠯ ᠪᠤᠯᠤᠨ ᠨᠡᠶᠢᠭᠡᠮ ᠤᠨ ᠡᠯ᠎ᠠ ᠬᠦᠷᠢᠶᠡᠨ ᠳᠡᠬᠢ ᠮᠠᠭᠲᠠᠭᠠᠯ ᠰᠠᠶᠢᠰᠢᠶᠠᠯ ᠢ ᠤᠯᠵᠠᠢ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120994325