蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ ᠨᠠᠵᠢ ᠤᠢ ᠰᠢᠭᠤᠢ ᠶᠢᠨ ᠲᠦᠢᠮᠡᠷ ᠵᠤᠯᠭᠠᠭᠰᠠᠨ ᠲᠠᠯᠠᠪᠠᠢ 5000 ᠾᠸᠺᠲ᠋ᠠᠷ ᠲᠤ ᠬᠦᠷᠪᠠ

2017-05-18 16:29

    ᠰᠢᠨᠬᠤᠸᠠ ᠬᠤᠷᠢᠶ᠎ᠠ ᠬᠦᠬᠡᠬᠤᠲᠠ ᠶᠢᠨ 5 ᠰᠠᠷ᠎ᠠ ᠶᠢᠨ 18 ᠤ ᠡᠳᠦᠷ ᠤᠨ ᠴᠠᠬᠢᠯᠭᠠᠨ ᠮᠡᠳᠡᠭᠡ ( ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠰᠠᠬᠤ ᠤᠷᠤᠨ ᠤ ᠭᠠᠯ ᠰᠡᠷᠭᠡᠶᠢᠯᠡᠬᠦ ᠵᠢᠯᠤᠭᠤᠳᠬᠤ ᠭᠠᠵᠠᠷ ᠤᠨ ᠠᠯᠪᠠᠨ ᠭᠡᠷ ᠡᠴᠡ ᠤᠶᠢᠯᠠᠭᠠᠭᠰᠠᠨ ᠢᠶᠡᠷ᠂ ᠰᠤᠷᠪᠤᠯᠵᠢᠯᠠᠠᠭᠴᠢ ᠶᠢᠨ ᠮᠡᠳᠡᠭᠡ ᠨᠡᠶᠢᠲᠡᠯᠡᠬᠦ ᠪᠤᠯᠳᠠᠯ᠎ᠠ᠂ ᠬᠦᠯᠦᠨ ᠪᠤᠶᠢᠷ ᠬᠤᠲᠠ ᠶᠢᠨ ᠬᠠᠭᠤᠴᠢᠨ ᠪᠠᠷᠭᠤ ᠬᠤᠰᠢᠭᠤᠨ ᠤ ᠨᠠᠵᠢ ᠤᠢ ᠰᠢᠭᠤᠢ ᠶᠢᠨ ᠲᠠᠯᠠᠪᠠᠢ ᠶᠢᠨ ᠲᠦᠢᠮᠡᠷ ᠵᠤᠯᠭᠠᠭᠰᠠᠨ ᠲᠠᠯᠠᠪᠠᠢ 5000 ᠾᠸᠺᠲ᠋ᠠᠷ ᠲᠤ ᠬᠦᠷᠴᠡᠢ᠂ ᠤᠳᠤᠬᠠᠨ ᠳᠤ ᠵᠡᠭᠦᠨ ᠬᠤᠶᠢᠲᠤ ᠱᠤᠭᠤᠮ ᠳᠠᠭᠠᠤ 3 ᠬᠡᠰᠡᠭ ᠲᠤ ᠤᠳᠤᠭ᠎ᠠ ᠲᠠᠢ᠂ ᠵᠡᠭᠦᠨ ᠡᠮᠦᠨ᠎ᠠ ᠱᠤᠭᠤᠮ ᠳ᠋ᠦ 4 ᠭᠡᠰᠡᠭ ᠲᠦ ᠤᠳᠤᠭ᠎ᠠ ᠲᠠᠢ᠃

    ᠲᠠᠨᠢᠯᠴᠠᠭᠤᠯᠤᠭᠰᠠᠨ ᠢᠶᠡᠷ᠂ ᠲᠦᠢᠮᠡᠷ ᠤᠨ ᠲᠠᠯᠠᠪᠠᠢ ᠶᠢᠨ ᠤᠶᠢᠷ᠎ᠠ ᠬᠠᠪᠢ ᠶᠢᠨ ᠨᠠᠮᠤᠭ ᠭᠠᠵᠠᠷ ᠤᠳᠤᠬᠠᠨ ᠳᠤ 1615 ᠬᠦᠮᠦᠨ ( ᠡᠭᠦᠨ ᠳᠤ 705 ᠤᠢ ᠰᠢᠭᠤᠢ ᠶᠢᠨ ᠴᠠᠭᠳᠠᠭ᠎ᠠ ᠪᠠᠢᠢᠨ᠎ᠠ) ᠠᠪᠤᠷᠠᠨ ᠲᠤᠰᠠᠯᠠᠬᠤ ᠠᠵᠢᠯᠯᠠᠭ᠎ᠠ ᠳᠤ ᠤᠷᠤᠯᠴᠠᠵᠤ᠂ ᠲᠦᠢᠮᠡᠷ ᠭᠠᠷᠤᠭᠰᠠᠨ ᠰᠢᠯᠲᠠᠭᠠᠨ ᠢ ᠶᠠᠭ ᠪᠠᠶᠢᠴᠠᠭᠠᠨ ᠲᠤᠳᠤᠯᠠᠵᠤ ᠪᠤᠢ᠃

    ᠤᠳᠤᠬᠠᠨ  ᠳᠤ᠂ ᠤᠯᠤᠰ ᠤᠨ ᠤᠢ ᠰᠢᠭᠤᠢ ᠶᠢᠨ ᠲᠤᠪᠴᠢᠶᠠᠨ ᠤ ᠤᠢ ᠰᠢᠭᠤᠢ ᠶᠢᠨ ᠲᠤᠳᠤᠭᠠᠲᠤ ᠶᠢ ᠬᠠᠮᠠᠭᠠᠯᠠᠬᠤ ᠲᠤᠪᠴᠢᠶ᠎ᠠ  ᠡᠴᠡ ᠳᠠᠷᠤᠢ ᠲᠦᠷᠭᠡᠨ ᠲᠤᠮᠢᠯᠠᠭᠰᠠᠨ ᠲᠦᠢᠮᠡᠷ ᠤᠨ ᠲᠠᠯᠠᠪᠠᠢ ᠶᠢᠨ ᠠᠵᠢᠯᠲᠠᠨ ᠤ ᠪᠠᠭ ᠨᠢᠭᠡᠨᠲᠡ ᠲᠦᠢᠮᠡᠷ ᠤᠨ ᠲᠠᠯᠠᠪᠠᠢ ᠳᠤ ᠬᠦᠷᠴᠤ ᠠᠪᠤᠷᠠᠨ ᠲᠤᠰᠠᠯᠠᠬᠤ ᠠᠵᠢᠯ ᠢ ᠵᠤᠬᠢᠴᠠᠭᠤᠯᠤᠨ ᠬᠠᠷᠢᠭᠤᠴᠠᠵᠤ ᠪᠤᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120995980