蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠵᠢᠭᠤᠯᠴᠢᠯᠠᠯ ᠤᠨ ᠳᠤᠪᠴᠢᠶᠠᠨ ᠤ ᠳᠡᠳ᠋ ᠳᠠᠷᠤᠭ᠎ᠠ ᠬᠦᠧᠧ ᠯᠢ ᠫᠢᠩ ᠪᠠᠶᠢᠴᠠᠭᠠᠭᠳᠠᠪᠠ

2017-05-19 10:14

    ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ 5 ᠰᠠᠷ᠎ᠠ ᠶᠢᠨ 18 ᠤ ᠡᠳᠦᠷ ᠵᠠᠳᠠᠷᠭᠤᠯᠬᠤ ᠳᠤ ᠪᠡᠨ᠂ ᠳᠤᠰ ᠬᠤᠷᠢᠶ᠎ᠠ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠦᠪᠰᠢᠶᠡᠷᠡᠯ ᠢᠶᠡᠷ ᠦᠪᠦᠷ ᠮᠤᠩᠭᠤᠯ ᠤᠨ ᠵᠢᠭᠤᠯᠴᠢᠯᠠᠯ ᠤᠨ ᠳᠤᠪᠴᠢᠶᠠᠨ ᠤ ᠨᠠᠮ ᠤᠨ ᠳᠤᠭᠤᠶᠢᠯᠠᠩ ᠤᠨ ᠬᠡᠰᠢᠬᠦᠨ᠂ ᠳᠡᠳ᠋ ᠳᠤᠪᠴᠢᠶᠠᠨ ᠳᠠᠷᠤᠭ᠎ᠠ ᠬᠦᠧᠧ ᠯᠢ ᠫᠢᠩ ᠤᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠭᠰᠡᠨ ᠬᠡᠷᠡᠭ ᠢ ᠳᠠᠩᠰᠠᠯᠠᠨ ᠪᠠᠶᠢᠴᠠᠭᠠᠵᠡᠢ᠃

    ᠬᠦᠧᠧ ᠯᠢ ᠫᠢᠩ ᠳᠦᠪ ᠤᠨ ᠨᠠᠶ᠋ᠮᠠᠨ ᠵᠤᠷᠪᠤᠰ ᠳᠤᠭᠳᠠᠭᠠᠯ ᠤᠨ ᠵᠤᠷᠢᠭ ᠰᠠᠨᠠᠭ᠎ᠠ ᠶᠢ ᠬᠦᠨᠳᠦ ᠨᠤᠴᠢᠳᠠᠢ ᠵᠦᠷᠢᠴᠡᠵᠤ᠂ ᠳᠤᠷ᠎ᠠ ᠵᠤᠷᠢᠭ ᠢᠶᠡᠷ ᠢᠶᠡᠨ ᠨᠡᠷᠡᠳᠦ ᠦᠵᠡᠮᠦᠷᠢ ᠶᠢᠨ ᠪᠦᠰᠡ ᠳᠤ ᠪᠤᠯᠪᠠᠰᠤᠷᠠᠯ ᠤᠨ ᠠᠩᠬᠢ ᠡᠷᠬᠢᠯᠡᠭᠰᠡᠨ; ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ ᠪᠠᠳᠤ ᠶᠢ ᠬᠦᠨᠳᠦ ᠨᠤᠴᠢᠳᠠᠢ ᠵᠦᠷᠢᠴᠡᠵᠤ᠂ ᠵᠡᠷᠬᠡ ᠳᠤᠰᠢᠶᠠᠯ ᠢᠶᠡᠨ ᠠᠰᠢᠭᠯᠠᠨ ᠺᠠᠳ᠋ᠷᠴᠤᠳ ᠢ ᠰᠤᠩᠭᠤᠨ ᠳᠡᠪᠰᠢᠬᠦᠯᠬᠦ ᠵᠡᠷᠬᠡ ᠳᠠᠯ᠎ᠠ ᠪᠡᠷ ᠪᠤᠰᠤᠳ ᠲᠤ ᠬᠠᠤᠯᠢ ᠪᠤᠰᠤ ᠠᠰᠢᠭ ᠬᠦᠷᠳᠡᠬᠡᠭᠰᠡᠨ ᠳᠡᠳᠦᠢ ᠦᠬᠡᠢ ᠵᠤᠬᠢᠶᠠᠨ ᠪᠠᠶᠢᠭᠤᠯᠤᠯᠳᠠ ᠡᠴᠡ ᠡᠨᠡᠬᠦ ᠤᠴᠢᠷ ᠢ ᠠᠰᠠᠭᠤᠨ ᠯᠠᠪᠯᠠᠬᠤ ᠳᠤ ᠪᠤᠳᠠᠳᠠᠢ ᠳᠤᠳᠤᠷᠬᠠᠶᠢᠯᠠᠯᠳᠠ ᠬᠢᠭᠰᠡᠨ ᠦᠬᠡᠢ; ᠴᠢᠬᠡᠴᠢ ᠰᠢᠳᠤᠷᠭᠤ ᠶᠤᠰᠤᠨ ᠢ ᠬᠦᠨᠳᠦ ᠨᠤᠴᠢᠳᠠᠢ ᠵᠦᠷᠢᠴᠡᠵᠤ᠂ ᠵᠢᠭᠤᠯᠴᠢᠯᠠᠯ ᠬᠢᠬᠡᠳ ᠬᠦᠯᠢᠶᠡᠨ ᠠᠪᠤᠯᠳᠠ ᠳᠤ ᠤᠷᠤᠯᠴᠠᠨ᠂ ᠠᠯᠪᠠᠨ ᠤ ᠠᠵᠢᠯ ᠬᠡᠷᠡᠭ ᠢ ᠭᠤᠤᠯᠴᠢ ᠪᠡᠷ ᠬᠡᠷᠡᠭᠵᠢᠬᠦᠯᠬᠦ ᠶᠢ ᠨᠦᠯᠦᠬᠡᠯᠡᠭᠰᠡᠨ ᠵᠡᠷᠬᠡ ᠶᠢ ᠪᠠᠢᠢᠴᠠᠭᠠᠨ ᠢᠯᠡᠷᠡᠬᠦᠯᠵᠡᠢ᠃

    ᠡᠴᠤᠰ ᠲᠤ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠡᠴᠡ ᠬᠦᠧᠧ ᠯᠢ ᠫᠢᠩ ᠤᠨ ᠬᠡᠷᠡᠭ ᠢ ᠰᠤᠳᠤᠯᠤᠨ ᠶᠠᠷᠢᠯᠴᠠᠭᠠᠳ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠳᠤ ᠮᠡᠳᠡᠬᠦᠯᠵᠤ ᠵᠦᠪᠰᠢᠶᠡᠷᠡᠬᠦᠯᠦᠭᠰᠡᠨ ᠤ ᠳᠠᠷᠠᠭ᠎ᠠ ᠬᠦᠧᠧ ᠯᠢ ᠫᠢᠩ ᠢ ᠨᠠᠮ ᠳᠤ 2 ᠵᠢᠯ ᠪᠠᠶᠢᠯᠠᠭᠠᠵᠤ ᠬᠢᠨᠠᠬᠤ; ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠳᠢᠩᠬᠢᠮ ᠡᠴᠡ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠮᠡᠳᠡᠬᠦᠯᠵᠤ ᠵᠦᠪᠰᠢᠶᠡᠷᠡᠬᠦᠯᠦᠨ᠂ ᠵᠠᠰᠠᠭ ᠵᠠᠬᠢᠷᠭᠠᠨ ᠤ ᠡᠷᠬᠡ ᠳᠤᠰᠢᠶᠠᠯ ᠢ ᠨᠢ ᠬᠠᠰᠤᠵᠤ ᠡᠷᠬᠢᠯᠡᠭᠴᠢ ᠰᠠᠯᠠᠭᠠᠨ ᠲᠡᠰ ᠤᠨ ᠠᠯᠪᠠᠳᠠᠨ ᠪᠤᠯᠭᠠᠨ ᠪᠠᠭᠤᠷᠠᠭᠤᠯᠬᠤ; ᠵᠢᠭᠤᠯᠴᠢᠯᠠᠯ᠂ ᠬᠦᠯᠢᠶᠡᠨ ᠠᠪᠤᠯᠳᠠ ᠳᠤ ᠤᠷᠤᠯᠴᠠᠭᠰᠠᠨ ᠤ ᠬᠢᠨᠢ ᠬᠤᠪᠢ ᠶᠢᠨ ᠳᠦᠯᠦᠪᠦᠷᠢ ᠶᠢ ᠳᠤᠰᠢᠶᠠᠯᠭᠠᠬᠤ ᠵᠡᠷᠬᠡ ᠪᠡᠷ ᠰᠢᠳᠬᠡᠵᠡᠢ᠃

ᠢᠷᠡᠯᠳᠡ᠄ ᠳᠤᠮᠳᠠᠳᠤ ᠤᠯᠤᠰ ᠤᠨ ᠰᠤᠨᠢᠨ ᠮᠡᠳᠡᠬᠡ ᠨᠧᠲ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701121000565