蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠨᠡᠭᠦᠳᠡᠯ ᠤᠨ ᠰᠢᠪᠠᠭᠤ ᠶᠢ ᠬᠤᠤᠷᠳᠠᠭᠤᠯᠵᠤ ᠠᠯᠠᠭᠰᠠᠨ ᠬᠡᠷᠡᠭ᠌ ᠲᠤ ᠰᠢᠭᠦᠯᠲᠡ ᠬᠢᠪᠠ

2017-05-19 11:43

    5 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠠ᠂ 2016 ᠤᠨ ᠤ 10 ᠰᠠᠷ᠎ᠠ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠬᠤᠨᠲᠤ ᠨᠠᠭᠤᠷ ᠤᠨ ᠬᠤᠪᠤᠷᠳᠠᠵᠤ ᠪᠠᠶᠢᠭ᠎ᠠ ᠬᠡᠬᠡᠷ᠎ᠠ ᠶᠢᠨ ᠠᠮᠢᠲᠠᠨ ᠢ ᠬᠠᠤᠯᠢ ᠪᠤᠰᠤ ᠪᠡᠷ ᠠᠩᠨᠠᠭᠰᠠᠨ ᠬᠡᠷᠡᠭ ᠢ ᠰᠢᠯᠤᠭᠤᠨ ᠬᠦᠬᠡ ᠬᠤᠰᠢᠭᠤᠨ ᠳᠤ ᠬᠠᠤᠯᠢ ᠶᠤᠰᠤᠭᠠᠷ ᠢᠯᠡ ᠪᠡᠷ ᠰᠢᠭᠦᠨ ᠲᠠᠰᠤᠯᠠᠯᠲᠠ ᠬᠢᠪᠠ᠃

    2016 ᠤᠨ ᠤ 10 ᠰᠠᠷ᠎ᠠ ᠶᠢᠨ 19 ᠤ ᠡᠳᠦᠷ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠵᠢᠭᠠᠰᠤᠲᠠᠢ ᠰᠤᠮᠤᠨ ᠤ ᠰᠢᠷᠡᠭᠡᠲᠤ ᠭᠠᠴᠠᠭᠠᠨ ᠤ ᠬᠤᠨᠲᠤ ᠨᠠᠭᠤᠷ ᠲᠤ ᠶᠡᠬᠡ ᠬᠡᠮᠵᠢᠶᠡᠨ ᠤ ᠵᠢᠭᠦᠷᠲᠡᠨ ᠠᠮᠢᠲᠠᠨ ᠤ ᠦᠬᠦᠳᠡᠯ ᠢᠯᠡᠷᠡᠪᠠ᠂ ᠡᠨᠡᠬᠦ ᠮᠡᠳᠡᠭᠡ ᠨᠢ ᠢᠨᠲ᠋ᠸᠷ ᠰᠦᠯᠵᠢᠶ᠎ ᠠ ᠪᠡᠷ ᠰᠠᠴᠤᠭᠳᠠᠵᠤ ᠬᠦᠮᠦᠰ ᠤᠨ ᠠᠩᠬᠠᠷᠤᠯ ᠳ᠋ᠤ ᠬᠦᠷᠴᠡᠢ᠃

    ᠬᠡᠷᠡᠭ ᠤᠨ ᠳᠠᠷᠠᠭ᠎ᠠ᠂ ᠲᠤᠬᠠᠢ ᠶᠢᠨ ᠤᠷᠤᠨ ᠤ ᠲᠤᠳᠤᠭᠠᠲᠤ ᠶᠢ ᠬᠠᠮᠠᠭᠠᠯᠠᠬᠤ ᠪᠠᠶᠢᠭᠤᠯᠤᠯᠭ᠎ᠠ ᠡᠴᠡ ᠳᠠᠷᠤᠢ ᠲᠦᠷᠭᠡᠨ ᠲᠤᠰᠬᠠᠢ ᠬᠡᠷᠡᠭ ᠤᠨ ᠪᠠᠭ ᠵᠤᠬᠢᠶᠠᠨ ᠪᠠᠶᠢᠭᠤᠯᠵᠤ᠂ ᠭᠠᠵᠠᠷ ᠳᠡᠭᠡᠷ᠎ᠠ ᠨᠢ ᠬᠦᠷᠴᠤ ᠰᠢᠨᠵᠢᠨ ᠪᠠᠶᠢᠴᠠᠭᠠᠬᠤ᠂ ᠠᠰᠠᠭᠤᠨ ᠯᠠᠪᠯᠠᠬᠤ᠂ ᠰᠦᠪᠡᠭ᠍ᠴᠢ ᠬᠠᠩᠭ᠋ᠠᠭᠰᠠᠳ ᠢ ᠱᠠᠩᠨᠠᠨ ᠬᠦᠬᠢᠭᠦᠯᠬᠦ ᠵᠡᠷᠭᠡ ᠡᠯ᠎ᠠ ᠵᠦᠢᠯ ᠤᠨ ᠠᠷᠭ᠎ᠠ ᠬᠡᠮᠵᠢᠶ᠎ᠠ ᠠᠪᠴᠤ ᠵᠠᠩᠭᠢᠯᠠᠭ᠎ᠠ ᠶᠢᠨ ᠰᠦᠪᠡᠭ᠍ᠴᠢ ᠢᠢ ᠢᠯᠡᠷᠡᠭᠦᠯᠵᠠᠢ᠃ 2016 ᠤᠨ ᠤ 11 ᠰᠠᠷ᠎ᠠ ᠶᠢᠨ 3 ᠤ ᠡᠳᠦᠷ᠂ ᠲᠤᠰᠬᠠᠢ ᠬᠡᠷᠡᠭ ᠤᠨ ᠪᠠᠬ ᠪᠡᠭᠡᠵᠢᠩ᠂ ᠲᠢᠶᠡᠨᠵᠢᠨ᠂ ᠭᠢᠷᠢᠨ᠂ ᠾᠸᠪᠸᠢ ᠵᠡᠷᠭᠡ ᠭᠠᠵᠠᠷ ᠤᠳ ᠢᠶᠡᠷ ᠤᠷᠭᠤᠨ ᠲᠤᠳᠠᠭᠠᠵᠤ ᠪᠠᠶᠢᠭᠰᠠᠨ ᠢᠦᠢ ᠤᠪᠤᠭᠲᠤ ᠵᠡᠷᠭᠡ 9 ᠰᠡᠵᠢᠭᠲᠡᠨ ᠢ ᠪᠠᠷᠢᠪᠴᠢᠯᠠᠪᠠ᠃

    2017 ᠤᠨ ᠤ 4 ᠰᠠᠷ᠎ᠠ ᠶᠢᠨ 21 ᠤ ᠡᠳᠦᠷ᠂ ᠰᠢᠯᠤᠭᠤᠨ ᠬᠦᠭᠡ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠡᠴᠡ ᠵᠠᠭᠠᠯᠳᠤᠭᠳᠠᠭᠴᠢ ᠢᠦᠢ ᠤᠪᠤᠭᠲᠤ᠂ ᠰᠦ ᠤᠪᠤᠭᠲᠤ ᠵᠡᠷᠭᠡ 9 ᠰᠡᠵᠢᠭᠲᠡᠨ ᠢ ᠬᠠᠤᠯᠢ ᠪᠤᠰᠤ ᠪᠡᠷ ᠬᠤᠪᠤᠷᠲᠠᠵᠤ ᠪᠠᠶᠢᠭ᠎ᠠ ᠠᠮᠢᠲᠠᠨ ᠢ ᠠᠩᠨᠠᠭᠰᠠᠨ ᠶᠠᠯ᠎ᠠ ᠪᠡᠷ ᠰᠢᠯᠤᠭᠤᠨ ᠬᠦᠬᠡ ᠬᠤᠰᠢᠭᠤᠨ ᠤ ᠠᠷᠠᠳ ᠤᠨ ᠰᠢᠬᠦᠬᠦ ᠬᠤᠷᠢᠢ᠎ᠠ ᠳᠤ ᠵᠠᠭᠠᠯᠳᠤᠯᠭ᠎ᠠ ᠬᠢᠪᠠ᠃

    ᠵᠠᠭᠠᠯᠳᠤᠯᠭ᠎ᠠ ᠶᠢᠨ ᠪᠢᠴᠢᠭ᠌ ᠲᠤ᠂ 2016 ᠤᠨ ᠤ 10 ᠰᠠᠷ᠎ᠠ ᠳᠤ᠂ ᠵᠠᠭᠠᠯᠳᠤᠭᠳᠠᠭᠴᠢ ᠢᠦᠢ ᠤᠪᠤᠭᠲᠤ ᠵᠡᠷᠭᠡ 5 ᠬᠦᠮᠦᠨ ᠠᠰᠢᠭ ᠤᠯᠬᠤ ᠵᠤᠷᠢᠯᠭ᠎ᠠ ᠪᠡᠷ ᠰᠢᠯᠤᠭᠤᠨ ᠬᠦᠬᠡ ᠬᠤᠰᠢᠭᠤᠨ ᠤ ᠬᠤᠨᠲᠤ ᠨᠠᠭᠤᠷ ᠲᠤ ᠬᠠᠤᠯᠢ ᠪᠤᠰᠤ ᠪᠡᠷ ᠬᠤᠤᠷᠲᠤ ᠡᠮ ᠲᠠᠢ ᠡᠷᠳᠡᠨᠢ ᠰᠢᠰᠢ ᠬᠠᠶᠠᠵᠤ ᠠᠩᠨᠠᠯ ᠬᠢᠭ᠍ᠰᠡᠨ ᠡᠴᠡ ᠲᠦᠷᠦ ᠶᠢᠨ ᠬᠤᠶᠠᠳᠤᠭᠠᠷ ᠵᠡᠷᠭᠡᠯᠡᠯ ᠤᠨ ᠬᠠᠮᠠᠭᠠᠯᠠᠯᠲᠠ ᠶᠢᠨ ᠠᠮᠢᠲᠠᠨ ᠬᠤᠨ ᠭᠠᠯᠠᠭᠤ ᠶᠢ 290᠂ ᠲᠦᠷᠦ ᠶᠢᠨ ᠬᠤᠶᠠᠳᠤᠭᠠᠷ ᠵᠡᠷᠭᠡᠯᠡᠯ ᠤᠨ ᠬᠠᠮᠠᠭᠠᠯᠠᠯᠲᠠ ᠶᠢᠨ ᠠᠮᠢᠲᠠᠨ ᠴᠠᠭᠠᠨ ᠳᠡᠭᠡᠯᠡᠢ ᠶᠢ 1 ᠵᠢᠴᠢ ᠪᠤᠰᠤᠳ 56 ᠤᠰᠤᠨ ᠤ ᠵᠢᠭᠦᠷᠲᠡᠨ ᠠᠮᠢᠲᠠᠨ ᠢ ᠬᠤᠤᠷᠳᠠᠭᠤᠯᠵᠤ ᠠᠯᠠᠵᠠᠢ᠃

ᠰᠢᠭᠦᠯᠲᠠ ᠶᠢᠨ ᠭᠠᠵᠠᠷ ᠳᠡᠭᠡᠷ᠎ᠠ ᠨᠢ

ᠰᠢᠭᠦᠯᠲᠠ ᠶᠢᠨ ᠭᠠᠵᠠᠷ ᠳᠡᠭᠡᠷ᠎ᠠ ᠨᠢ

ᠬᠤᠤᠷᠳᠠᠭᠳᠠᠵᠤ ᠦᠬᠦᠭ᠍ᠰᠡᠨ ᠵᠢᠭᠦᠷᠲᠡᠨ ᠠᠮᠢᠲᠠᠨ

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001121001465