蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠄ 2017 ᠤᠨ ᠤ 《 ᠬᠠᠮᠤᠭ ᠤᠨ ᠰᠠᠶᠢᠬᠠᠨ ᠭᠡᠷ ᠪᠦᠯᠢ》  ᠶᠢ ᠰᠢᠯᠭᠠᠷᠠᠭᠤᠯᠪᠠ

2017-05-19 11:43

    ᠦᠪᠦᠷ ᠮᠣᠩᠭᠣᠯ ᠤᠨ ᠦᠪᠡᠷᠲᠡᠭᠡᠨ ᠵᠡᠰᠡᠬᠤ ᠤᠷᠤᠨ ᠤ《 ᠬᠠᠮᠤᠭ ᠤᠨ ᠰᠠᠶᠢᠬᠠᠨ ᠭᠡᠷ ᠪᠦᠯᠢ》ᠵᠢᠴᠢ ᠭᠡᠷ ᠪᠦᠯᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠬᠤᠷᠠᠯ ᠲᠦᠷᠦᠬᠦᠭᠡᠨ ᠤᠯᠠᠭᠠᠨᠬᠠᠲᠠ ᠳᠤ ᠬᠤᠷᠠᠯᠳᠤᠵᠤ᠂ 2017 ᠤᠨ ᠤ ᠦᠪᠦᠷ ᠮᠣᠩᠭᠣᠯ ᠤᠨ 《 ᠬᠠᠮᠤᠭ ᠤᠨ ᠰᠠᠶᠢᠬᠠᠨ ᠭᠡᠷ ᠪᠦᠯᠢ》ᠪᠤᠯᠬᠤ 100 ᠡᠷᠦᠬᠡ ᠶᠢ ᠰᠢᠭᠠᠷᠠᠭᠤᠯᠪᠠ᠃

    ᠤᠯᠠᠭᠠᠨᠬᠠᠲᠠ ᠶᠢᠨ ᠡᠮᠡᠭᠲᠡᠶᠢᠴᠤᠳ ᠤᠨ ᠬᠤᠯᠪᠤᠭᠠᠨ ᠤ ᠲᠡᠷᠢᠭᠦᠯᠡᠭᠴᠢ ᠶᠤᠸᠠᠨ ᠸᠸᠨ ᠶᠢᠨ᠄《 2014 ᠤᠨ  ᠡᠴᠡ〈 ᠬᠠᠮᠤᠭ ᠤᠨ ᠰᠠᠶᠢᠬᠠᠨ ᠭᠡᠷ ᠪᠦᠯᠢ〉 ᠶ᠋ᠢ ᠡᠷᠢᠯᠬᠢᠯᠡᠬᠦ ᠠᠵᠢᠯᠯᠠᠭ᠎ᠠ ᠡᠬᠢᠯᠡᠭᠰᠡᠨ ᠡᠴᠡ ᠨᠠᠭᠠᠰᠢ᠂ ᠬᠤᠲᠠ ᠳᠠᠶᠠᠭᠠᠷ ᠤᠨ 2289 ᠡᠷᠦᠬᠡ ᠳᠤ ᠲᠤᠰ ᠲᠦᠰᠦᠯ ᠤᠨ ᠬᠠᠮᠢᠶᠠᠳᠠᠢ ᠠᠵᠢᠯᠯᠠᠭ᠎ᠠ ᠶᠢ 1976 ᠤᠳᠠᠭ᠎ᠠ ᠦᠷᠨᠢᠭᠦᠯᠵᠤ᠂ ᠲᠠᠪᠬᠤᠷᠳᠠᠭᠰᠠᠨ ᠲᠤᠭ᠎ᠠ ᠪᠡᠷ 21 ᠲᠦᠮᠡᠨ ᠬᠦᠮᠦᠨ ᠤᠷᠤᠯᠴᠠᠪᠠ᠃ ᠬᠦᠮᠦᠨ ᠪᠤᠯᠭᠠᠨ ᠬᠠᠮᠤᠭ ᠤᠨ ᠰᠠᠶᠢᠬᠠᠨ ᠭᠡᠰᠢᠭᠦᠨ᠂ ᠡᠷᠦᠬᠡ ᠪᠦᠷᠢ ᠬᠠᠮᠤᠭ ᠤᠨ ᠰᠠᠶᠢᠬᠠᠨ ᠭᠡᠷ ᠪᠦᠯᠢ ᠪᠤᠯᠬᠤ ᠪᠡᠷ ᠮᠡᠷᠡᠶᠢᠨ ᠴᠢᠷᠮᠠᠶᠢᠬᠤ ᠢᠳᠡᠪᠬᠢ ᠪᠠᠶᠢᠳᠠᠯ ᠢ ᠪᠤᠢ ᠪᠤᠯᠭᠠᠵᠠᠢ᠃ 2016 ᠤᠨ ᠳᠤ᠂ ᠮᠠᠨ ᠤ ᠬᠤᠲᠠ ᠶᠢᠨ ᠰᠦᠨ ᠴᠢᠩ ᠭᠦᠸᠸ ᠶᠢᠨ ᠭᠡᠷ ᠪᠦᠯᠢ ᠤᠯᠤᠰ ᠳᠠᠶᠠᠭᠠᠷ ᠤᠨ ᠠᠩᠬᠠᠳᠠᠭᠴᠢ ᠬᠤᠭᠤᠴᠠᠭᠠᠨ ᠤ ᠪᠤᠯᠪᠠᠰᠤᠨ ᠭᠡᠷ ᠪᠦᠯᠢ ᠶᠢᠨ ᠢᠷᠠᠭᠤ ᠠᠯᠳᠠᠷ ᠬᠦᠷᠲᠡᠵᠤ᠂ ᠰᠢ ᠵᠢᠨ ᠫᠢᠩ ᠨᠦᠬᠦᠷ ᠬᠠᠯᠠᠭᠤᠮᠰᠤᠭ ᠢᠶᠡᠷ ᠬᠦᠯᠢᠶᠡᠨ ᠠᠪᠴᠤ ᠠᠭᠤᠯᠵᠠᠪᠠ᠃ ᠦᠨᠦ ᠵᠢᠯ᠂ ᠰᠢᠶᠸ ᠭᠦᠸᠸ ᠰᠢᠨ ᠤ ᠭᠡᠷ ᠪᠦᠯᠢ᠂ ᠨᠢᠤ ᠴᠠᠩ ᠹᠠ ᠶᠢᠨ ᠭᠡᠷ ᠪᠦᠯᠢ ᠤᠯᠤᠰ ᠳᠠᠶᠠᠭᠠᠷ ᠤᠨ 〈ᠬᠠᠮᠤᠭ ᠤᠨ ᠰᠠᠶᠢᠬᠠᠨ ᠭᠡᠷ ᠪᠦᠯᠢ〉ᠢᠷᠠᠭᠤ ᠠᠯᠳᠠᠷ ᠬᠦᠷᠳᠠᠵᠤ᠂ ᠸᠠᠨ ᠬᠤᠸᠠ ᠵᠡᠷᠭᠡ ᠭᠤᠷᠪᠠᠨ ᠭᠡᠷ ᠪᠦᠯᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠠᠩᠬᠠᠳᠠᠭᠴᠢ ᠬᠤᠭᠤᠴᠠᠭᠠᠨ ᠤ ᠪᠤᠯᠪᠠᠰᠤᠨ ᠭᠡᠷ ᠪᠦᠯᠢ ᠪᠡᠷ ᠦᠨᠡᠯᠡᠭᠳᠡᠪᠡ 》ᠭᠡᠵᠦ ᠬᠡᠯᠡᠪᠡ᠃

    ᠦᠪᠦᠷ ᠮᠣᠩᠭᠣᠯ ᠤᠨ ᠡᠮᠡᠭᠲᠠᠶᠢᠴᠤᠳ ᠤᠨ ᠬᠤᠯᠪᠤᠭᠠᠨ ᠤ ᠳᠡᠳ᠋ ᠲᠡᠷᠢᠭᠦᠯᠡᠭᠴᠢ ᠪᠤᠤ ᠰᠢᠶᠤᠤ ᠴᠦᠨ ᠡᠯ᠎ᠠ ᠳᠡᠰ ᠤᠨ ᠡᠮᠡᠭᠲᠡᠶᠢᠴᠤᠳ ᠤᠨ ᠬᠤᠯᠪᠤᠭᠠᠨ ᠤ ᠵᠤᠬᠢᠶᠠᠨ ᠪᠠᠶᠢᠭᠤᠯᠤᠯᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠭᠡᠷ ᠪᠦᠯᠢ ᠶᠢᠨ ᠰᠠᠶᠢᠨ ᠰᠠᠶᠢᠬᠠᠨ ᠬᠡᠪ ᠰᠤᠷᠳᠠᠯ ᠢ ᠪᠤᠢ ᠪᠤᠯᠭᠠᠬᠤ ᠲᠠᠯ᠎ᠠ ᠪᠡᠷ ᠤᠨᠴᠠᠭᠠᠢ ᠦᠢᠯᠡᠳᠦᠯ ᠪᠠᠳᠠᠷᠠᠭᠤᠯᠬᠤ ᠭᠡᠷᠡᠭᠲᠠᠢ ᠭᠡᠵᠤ ᠱᠠᠭᠠᠷᠳᠠᠪᠠ᠃ ᠰᠠᠶᠢᠨ ᠰᠠᠶᠢᠬᠠᠨ ᠭᠡᠷ ᠪᠦᠯᠢ ᠶᠢᠨ ᠬᠡᠪ ᠰᠤᠷᠳᠠᠯ ᠢ ᠪᠠᠳᠠᠷᠠᠭᠤᠯᠵᠤ᠂ ᠭᠡᠷ ᠪᠦᠯᠢ ᠶᠢᠨ ᠰᠤᠷᠭᠠᠨ ᠬᠦᠮᠦᠵᠢᠯ ᠢ ᠴᠢᠩᠭ᠋ᠠᠳᠬᠠᠨ᠂ ᠭᠡᠷ ᠪᠦᠯᠢ ᠳᠤ ᠪᠡᠨ ᠦᠢᠯᠡᠴᠢᠯᠡᠬᠦ ᠪᠡᠷ ᠬᠦᠴᠦᠯᠡᠴᠡ ᠪᠡᠨ ᠪᠤᠯᠭᠠᠵᠤ᠂ ᠭᠡᠷ ᠪᠦᠯᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠠ ᠠᠷᠭ᠎ᠠ ᠵᠠᠮ ᠢ ᠲᠠᠰᠤᠷᠠᠯᠲᠠ ᠦᠭᠡᠢ ᠰᠦᠪᠡᠭ᠍ᠴᠢᠯᠠᠨ᠎ᠠ᠃ 《 ᠬᠠᠮᠤᠭ ᠤᠨ ᠰᠠᠶᠢᠬᠠᠨ ᠭᠡᠷ ᠪᠦᠯᠢ》 ᠶ᠋ᠢ ᠡᠷᠢᠯᠬᠢᠯᠡᠬᠦ ᠠᠵᠢᠯᠯᠠᠭ᠎ᠠ ᠶᠢ ᠤᠯᠠᠮ ᠴᠢᠨᠠᠭᠰᠢᠲᠠ ᠬᠦᠨᠵᠡᠭᠡᠶᠢᠷᠡᠭᠦᠯᠬᠦ ᠶᠢᠨ ᠲᠦᠯᠦᠭᠡ᠂ ᠭᠡᠷ ᠪᠦᠯᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠤᠯᠤᠰ ᠤᠷᠤᠨ᠂ ᠭᠡᠷ ᠪᠦᠯᠢ ᠪᠡᠨ ᠬᠠᠶᠢᠷᠠᠯᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠬᠠᠯᠠᠮᠵᠢᠯᠠᠭᠰᠠᠨ᠂ ᠦᠭᠡᠳᠡᠷᠬᠡᠭ᠌᠂ ᠬᠠᠮᠲᠤ ᠪᠡᠷ ᠴᠤᠭᠴᠠᠯᠠᠵᠤ ᠬᠠᠮᠲᠤ ᠪᠡᠷ ᠡᠳ᠋ᠯᠡᠬᠦ ᠨᠡᠶᠢᠭᠡᠮ ᠵᠢᠷᠤᠮᠲᠤ ᠭᠡᠷ ᠪᠦᠯᠢ ᠶᠢᠨ ᠪᠤᠯᠪᠠᠰᠤᠨ ᠤ ᠰᠢᠨ᠎ᠠ ᠬᠡᠪ ᠰᠤᠷᠳᠠᠯ ᠳᠤ ᠪᠠᠶᠢᠪᠠᠰᠤ ᠵᠤᠬᠢᠬᠤ ᠬᠦᠴᠦᠨ ᠴᠢᠳᠠᠯ ᠢᠶᠡᠨ ᠡᠷᠭᠦᠬᠦ ᠬᠡᠷᠡᠭᠲᠠᠢ ᠭᠡᠯ᠎ᠠ᠃

ᠢᠷᠡᠯᠳᠡ᠄ ᠳᠤᠮᠳᠠᠳᠤ ᠤᠯᠤᠰ ᠤᠨ ᠡᠮᠡᠭᠲᠡᠶᠢᠴᠤᠳ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001121001613