蒙古文网站Logo
ᠰᠢᠨᠬᠤᠸᠠ ᠮᠤᠩᠭ᠋ᠤᠯ ᠨᠧᠲ

ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠳᠤ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠪᠠᠷᠤᠭ 48.5 ᠲᠦᠮᠠᠨ ᠬᠦᠮᠦᠨ ᠬᠦᠷᠭᠡᠨ᠎ᠡ

2017-05-25 11:43

    ᠰᠤᠷᠪᠤᠯᠵᠢᠯᠠᠭᠴᠢ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠡᠴᠡ ᠤᠶᠢᠯᠠᠭᠠᠭᠰᠠᠨ ᠶᠢᠡᠷ᠂ ᠦᠨᠦ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠵᠦᠭᠡᠭᠡᠪᠦᠷᠢᠯᠡᠯᠲᠡ 5 ᠰᠠᠷ᠎ᠠ ᠶᠢᠨ 27 ᠤ ᠡᠳᠦᠷ ᠡᠴᠡ ᠡᠬᠢᠯᠡᠵᠤ 30 ᠤ ᠡᠳᠦᠷ ᠳᠠᠭᠤᠰᠤᠨ᠎ᠠ᠂ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠪᠠᠷᠤᠭ 48.5 ᠲᠦᠮᠡᠨ ᠬᠦᠮᠦᠨ ᠬᠦᠷᠭᠡᠵᠤ᠂ ᠦᠩᠭᠡᠷᠡᠭᠰᠡᠨ ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠨᠡᠮᠡᠭᠳᠡᠴᠠ ᠨᠢ 4.8%  ᠳᠤ ᠬᠦᠷᠦᠨ᠎ᠠ᠃ ᠤᠷᠢᠳᠴᠢᠯᠠᠨ ᠲᠤᠭᠠᠴᠠᠭᠠᠯᠠᠭᠰᠠᠨ ᠶᠢᠡᠷ᠂ ᠪᠠᠷᠤᠭ  5 ᠰᠠᠷ᠎ᠠ ᠶᠢᠨ 28 ᠤ ᠡᠳᠦᠷ ᠵᠦᠭᠡᠭᠡᠪᠦᠷᠢᠯᠡᠯᠲᠡ ᠶᠢᠨ ᠤᠷᠭᠢᠯ ᠪᠤᠯᠤᠨ᠎ᠠ᠃

    ᠤᠶᠢᠯᠠᠭᠠᠭᠰᠠᠨ ᠶᠢᠡᠷ᠂ ᠡᠨᠡ ᠵᠢᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠪᠡᠷ ᠦᠨᠳᠦᠷ ᠳᠤᠮᠲᠠᠳᠤ ᠶᠢᠨ ᠲᠡᠭᠦᠰᠬᠦ ᠤᠨ ᠤ ᠰᠤᠷᠤᠭᠴᠢᠳ ᠰᠢᠯᠭᠠᠯᠲᠠ ᠳᠤ ᠪᠡᠯᠡᠳᠭᠡᠬᠦ ᠡᠴᠡ ᠪᠤᠯᠵᠤ᠂ ᠠᠶᠠᠨᠴᠢᠳ ᠤᠨ ᠲᠤᠭ᠎ᠠ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠲᠠᠢ ᠬᠠᠷᠢᠴᠠᠭᠤᠯᠪᠠᠯ ᠪᠠᠭᠤᠷᠠᠬᠤ ᠪᠠᠶᠢᠳᠠᠯ ᠲᠠᠢ ᠪᠤᠯᠬᠤᠷ ᠠᠶᠠᠨᠴᠢᠳ ᠭᠤᠤᠯᠳᠠᠭᠤ ᠲᠦᠷᠦᠯ ᠰᠠᠲᠤᠨ ᠶᠢᠡᠨ ᠡᠷᠬᠢᠨ ᠦᠵᠡᠬᠦ᠂ ᠤᠬᠤᠷ ᠵᠠᠮ ᠤᠨ ᠠᠶᠠᠯᠠᠯ ᠵᠢᠭᠤᠯᠴᠢᠯᠠᠯ ᠶᠢᠡᠷ ᠭᠤᠤᠯᠯᠠᠨ᠎ᠠ᠃ ᠠᠶᠠᠨᠴᠢᠳ ᠤᠨ ᠤᠷᠤᠰᠬᠠᠯ ᠤᠨ ᠬᠤᠪᠢᠷᠠᠯᠲᠠ ᠳᠤ ᠵᠣᠬᠢᠴᠠᠭᠤᠯᠬᠤ ᠶᠢᠨ ᠲᠦᠯᠦᠭᠡ᠂ ᠬᠦᠬᠡᠬᠤᠲᠠ ᠶᠢᠨ ᠲᠡᠮᠦᠷ ᠵᠠᠮ ᠤᠨ ᠲᠤᠪᠴᠢᠶ᠎ᠠ ᠪᠡᠭᠡᠵᠢᠩ᠂ ᠰᠢ ᠠᠨ᠂ ᠢᠷᠭᠠᠢ ᠵᠡᠷᠭᠡ ᠴᠢᠭᠯᠡᠯ ᠤᠨ 7 ᠬᠤᠤᠰ ᠭᠠᠯᠲᠤ ᠲᠡᠷᠭᠡᠨ ᠳᠤ ᠡᠳᠦᠷ ᠪᠦᠷᠢ ᠳᠤᠮᠳᠠᠴᠢ ᠪᠡᠷ 34 ᠸᠠᠭᠤᠨ ᠨᠡᠮᠡᠵᠦ ᠲᠤᠬᠢᠷᠠᠭᠤᠯᠤᠨ᠂ ᠢᠯᠡᠭᠦᠤ 4000 ᠠᠶᠠᠨᠴᠢᠨ ᠵᠦᠬᠡᠬᠡᠪᠦᠷᠢᠯᠡᠬᠦ ᠪᠡᠷ ᠲᠦᠯᠦᠪᠯᠡᠵᠤ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠵᠢᠢ ᠶᠠᠨ ᠺᠦᠨ ᠤᠷᠴᠢᠭᠤᠯᠪᠠ)

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121034765