蒙古文网站Logo
ᠰᠢᠨᠬᠤᠸᠠ ᠮᠤᠩᠭ᠋ᠤᠯ ᠨᠧᠲ

ᠤᠯᠤᠰ ᠳᠠᠶᠠᠭᠠᠷ ᠤᠨ ᠵᠠᠰᠠᠭ ᠤᠨ ᠤᠷᠳᠤᠨ ᠤ ᠨᠧᠲ ᠤᠨ 10 ᠬᠠᠷᠢᠭᠤᠴᠠᠯᠭᠠᠲᠠᠨ ᠢ ᠲᠤᠰᠢᠶᠠᠯ ᠡᠴᠡ ᠨᠢ ᠤᠭᠴᠠᠷᠠᠭᠤᠯᠠᠭᠰᠠᠨ ᠪᠤᠶᠤ ᠰᠢᠯᠵᠢᠭᠦᠯᠪᠡ

2017-05-25 16:54

    ᠤᠶᠢᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠠᠰᠠᠭ ᠤᠨ ᠤᠷᠳᠤᠨ ᠤ ᠰᠤᠷᠠᠭ ᠵᠠᠩᠭᠢ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠠᠯᠪᠠᠨ ᠡᠴᠡ ᠵᠠᠰᠠᠭ ᠤᠨ ᠤᠷᠳᠤᠨ ᠤ ᠨᠧᠲ  ᠲᠤ ᠰᠤᠩᠭ᠋ᠤᠨ ᠪᠠᠶᠢᠴᠠᠭᠠᠯᠲᠠ ᠬᠢᠬᠦ ᠶᠢᠨ ᠬᠠᠮᠲᠤ ᠬᠤᠯᠪᠤᠭᠳᠠᠯ ᠪᠦᠬᠦᠢ ᠪᠠᠶᠢᠳᠠᠯ ᠤᠨ ᠲᠤᠬᠠᠢ ᠮᠠᠳᠡᠭᠳᠡᠯ ᠨᠡᠶᠢᠲᠡᠯᠡᠵᠡᠢ᠃ ᠡᠯ᠎ᠡ ᠪᠦᠰᠡ ᠨᠤᠲᠤᠭ ᠤᠨ ᠡᠯ᠎ᠡ ᠰᠠᠯᠠᠭ᠎ᠠ ᠮᠦᠴᠢᠷ ᠬᠢᠷᠢ ᠲᠡᠩᠴᠡᠬᠦ ᠦᠭᠡᠢ ᠨᠧᠲ ᠤᠨ ᠬᠠᠮᠢᠶᠠᠷᠤᠭᠴᠢ ᠪᠠ ᠪᠠᠶᠢᠭᠤᠯᠤᠭ᠎ᠠ ᠨᠢᠭᠡᠴᠡ ᠳᠤ ᠬᠠᠷᠢᠭᠤᠴᠠᠯᠭ᠎ᠠ ᠨᠡᠭᠡᠮᠵᠢᠯᠡᠬᠦ ᠪᠠᠨ ᠴᠢᠩᠭ᠋ᠠᠳᠭᠠᠪᠠ᠂ ᠡᠭᠦᠨ ᠳᠤ ᠵᠠᠰᠠᠭ ᠤᠨ ᠤᠷᠳᠤᠨ ᠤ ᠨᠧᠲ ᠤᠨ 10 ᠬᠠᠷᠢᠭᠤᠴᠠᠯᠭᠠᠲᠠᠨ ᠢ ᠲᠤᠰᠢᠶᠠᠯ ᠡᠴᠡ ᠨᠢ ᠤᠭᠴᠠᠷᠠᠭᠤᠯᠠᠭᠰᠠᠨ ᠪᠤᠶᠤ ᠰᠢᠯᠵᠢᠭᠦᠯᠪᠡ᠃

    ᠰᠤᠷᠪᠤᠯᠵᠢᠯᠠᠭᠴᠢ ᠶᠢᠨ ᠤᠶᠢᠯᠠᠭᠠᠭᠰᠠᠨ ᠶᠢᠡᠷ᠂ ᠡᠩ ᠤᠨ ᠪᠠᠶᠢᠴᠠᠭᠠᠯᠲᠠ ᠪᠠ ᠤᠯᠠᠷᠢᠯ ᠤᠨ ᠪᠠᠶᠢᠴᠠᠭᠠᠯᠲᠠ ᠪᠡᠷ ᠳᠠᠮᠵᠢᠨ ᠤᠯᠤᠰ ᠳᠠᠶᠠᠭᠠᠷ ᠤᠨ ᠵᠠᠰᠠᠭ ᠤᠨ ᠤᠷᠳᠤᠨ ᠤ ᠨᠧᠲ ᠤᠨ ᠲᠤᠭ᠎ᠠ 2015 ᠤᠨ ᠤ 8 ᠰᠠᠷ᠎ᠠ ᠳᠤ ᠠᠩᠬ᠎ᠠ ᠤᠳᠠᠭ᠎ᠠ ᠵᠠᠰᠠᠭ ᠤᠨ ᠤᠷᠳᠤᠨ ᠤ ᠨᠧᠲ ᠲᠤ ᠤᠶᠢᠯᠠᠭᠠᠯᠲᠠ ᠬᠢᠬᠦ ᠦᠶᠡᠰ ᠤᠨ 84094  ᠪᠠᠶᠢᠬᠰᠠᠨ ᠡᠴᠡ ᠡᠨᠡ ᠵᠢᠯ ᠤᠨ 5 ᠳ᠋ᠤᠭᠠᠷ ᠰᠠᠷ᠎ᠠ ᠶᠢᠨ ᠲᠤᠮᠳᠠᠴᠢ ᠪᠤᠯᠲᠠᠯ᠎ᠠ 38658 ᠪᠤᠯᠵᠦ ᠬᠠᠰᠤᠬᠳᠠᠵᠤ᠂ ᠪᠦᠬᠦᠶᠢᠯᠡ ᠴᠤᠭᠴᠠ ᠶᠢᠨ ᠡᠷᠬᠢᠯᠲᠡ ᠪᠠ ᠬᠠᠮᠢᠶᠠᠷᠤᠯᠲᠠ ᠶᠢᠨ ᠪᠠᠶᠢᠳᠠᠯ ᠮᠡᠳᠡᠭᠳᠡᠮ ᠳᠠᠭᠡᠭ᠍ᠰᠢᠯᠡᠯᠲᠡ ᠲᠠᠢ ᠪᠤᠯᠪᠠ᠃ (ᠳᠠᠳᠤᠯᠭ᠎ᠠ ᠶᠢᠨ ᠰᠤᠷᠤᠭᠴᠢ ᠵᠢᠢ ᠶᠠᠨ ᠺᠦᠨ ᠤᠷᠴᠢᠭᠤᠯᠪᠠ)

ᠢᠷᠡᠯᠳᠡ᠄ ᠪᠡᠭᠡᠵᠢᠩ ᠵᠠᠯᠠᠭᠤᠴᠤᠳ ᠤᠨ ᠰᠤᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121036622