蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠠᠭᠠᠷ ᠤᠨ ᠳᠤᠯᠠᠭᠠᠨ ᠦᠨᠳᠦᠷ ᠬᠤᠷ᠎ᠠ ᠲᠤᠨᠳᠠᠰᠤ ᠴᠦᠬᠡᠨ ᠡᠴᠡ ᠪᠤᠯᠵᠤ ᠪᠡᠯᠴᠢᠭᠡᠷ ᠤᠨ ᠤᠷᠭᠤᠯᠲᠠ ᠶᠢ ᠨᠦᠯᠦᠭᠡᠯᠡᠪᠡ

2017-05-26 17:12

    ᠰᠤᠷᠪᠤᠯᠵᠢᠯᠠᠭᠴᠢ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠴᠠᠭ ᠠᠭᠤᠷ ᠤᠨ ᠲᠤᠪᠴᠢᠶ᠎ᠠ ᠡᠴᠡ ᠤᠶᠢᠯᠠᠭᠠᠭᠰᠠᠨ ᠢᠶᠡᠷ᠂ ᠬᠠᠪᠤᠷ ᠤᠷᠤᠭᠰᠠᠨ ᠡᠴᠡ ᠨᠠᠭᠠᠰᠢ᠂ ᠤᠷᠤᠨ ᠳᠠᠶᠠᠭᠠᠷ ᠤᠨ ᠬᠤᠷ᠎ᠠ ᠲᠤᠨᠳᠠᠰᠤᠨ ᠤ ᠬᠡᠮᠵᠢᠶ᠎ᠠ ᠪᠠᠭ᠎ᠠ᠂ ᠤᠨᠴᠠᠭᠠᠶᠢᠯᠠᠨ 5 ᠰᠠᠷ᠎ᠠ ᠶᠢᠨ ᠳᠤᠮᠳᠠᠴᠢ ᠪᠡᠷ ᠬᠤᠷ᠎ᠠ ᠲᠤᠨᠳᠠᠰᠤᠨ ᠤ ᠬᠡᠮᠵᠢᠶ᠎ᠠ ᠡᠩ ᠤᠨ ᠵᠢᠯ ᠤᠳ ᠡᠴᠡ 25%-100% ᠪᠡᠷ ᠪᠠᠭᠠᠰᠤᠬᠰᠠᠨ ᠢᠶᠡᠷ ᠮᠠᠯᠵᠢᠬᠤ ᠤᠷᠤᠨ ᠳᠤ ᠬᠠᠪᠤᠷ ᠤᠨ ᠭᠠᠩ ᠦᠷᠭᠦᠯᠵᠢᠯᠡᠵᠦ ᠬᠦᠷᠦᠰᠦᠨ ᠤ ᠴᠢᠬᠢᠭ᠌ ᠤᠨ ᠬᠡᠮᠵᠢᠶ᠎ᠠ ᠬᠦᠷᠦᠯᠴᠡᠬᠦ ᠦᠭᠡᠢ ᠪᠤᠯᠵᠤ ᠪᠡᠯᠴᠢᠭᠡᠷ ᠤᠨ ᠤᠷᠭᠤᠯᠲᠠ ᠶᠢ ᠨᠦᠯᠦᠭᠡᠯᠡᠪᠠ᠃

    ᠤᠶᠢᠯᠠᠭᠠᠭᠰᠠᠨ ᠢᠶᠡᠷ᠂ ᠦᠨᠦ ᠬᠠᠪᠤᠷ ᠤᠨ ᠠᠭᠠᠷ ᠤᠨ ᠳᠤᠯᠠᠭᠠᠨ ᠬᠠᠷᠢᠴᠠᠩᠭ᠋ᠤᠢ ᠦᠨᠳᠦᠷ ᠪᠤᠯᠬᠤᠷ ᠬᠦᠷᠦᠰᠤ ᠰᠢᠷᠤᠢ ᠡᠷᠲᠡ ᠤᠶᠠᠷᠠᠵᠤ ᠬᠦᠬᠡᠷᠡᠪᠡ᠃ ᠤᠳᠤᠬᠠᠨ ᠪᠤᠯᠲᠠᠯ᠎ᠠ᠂ ᠤᠯᠠᠭᠠᠨᠬᠠᠲᠠ ᠬᠤᠲᠠ ᠶᠢᠨ ᠬᠡᠰᠢᠭᠲᠡᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤ ᠪᠤᠯᠤᠨ ᠠᠪᠠᠭ᠎ᠠ ᠬᠤᠰᠢᠭᠤ᠂ ᠤᠷᠳᠤᠰ ᠬᠤᠲᠠ ᠶᠢᠨ ᠤᠳᠤᠭ ᠬᠤᠰᠢᠭᠤ᠂ ᠬᠠᠩᠬᠢᠨ ᠬᠤᠰᠢᠭᠤ ᠡᠴᠡ ᠪᠤᠰᠤᠳ ᠤᠷᠤᠨ ᠳᠠᠶᠠᠭᠠᠷ ᠤᠨ ᠪᠠᠯᠴᠢᠭᠡᠷ ᠨᠤᠲᠤᠭ ᠪᠦᠬᠦᠨ ᠢᠶᠡᠷ ᠢᠶᠡᠨ ᠬᠦᠬᠡᠷᠡᠭᠡᠳ᠂ ᠪᠠᠶᠢᠭᠠᠯᠢᠯᠢᠬ ᠪᠡᠯᠴᠢᠭᠡᠷ ᠤᠨ ᠤᠷᠭᠤᠴᠠ ᠨᠢ 3-21 ᠰᠡᠨᠲ᠋ᠢᠮᠸᠲ᠋ᠷ ᠤᠨ ᠬᠤᠭᠤᠷᠤᠨᠲᠤ ᠪᠠᠶᠢᠨ᠎ᠠ᠃ ᠡᠨᠡ ᠦᠶᠡᠰ ᠢᠶᠡᠷ ᠬᠤᠷ᠎ᠠ ᠲᠤᠨᠳᠠᠰᠤ ᠬᠦᠷᠤᠯᠴᠠᠬᠦ ᠦᠭᠡᠢ ᠪᠤᠯ ᠠᠮᠠᠷᠬᠠᠨ ᠪᠡᠯᠴᠢᠭᠡᠷ ᠤᠨ ᠤᠷᠭᠤᠯᠲᠠ ᠶᠢ ᠨᠦᠯᠦᠭᠡᠯᠡᠳᠡᠭ᠃ ᠦᠪᠦᠷ ᠮᠣᠩᠭᠣᠯ ᠤᠨ ᠴᠠᠭ ᠠᠭᠤᠷ ᠤᠨ ᠲᠤᠪᠴᠢᠶ᠎ᠠ ᠶᠢᠨ ᠤᠷᠢᠳᠴᠢᠯᠠᠨ ᠲᠤᠭᠠᠴᠠᠭᠠᠯᠠᠭᠰᠠᠨ ᠢᠶᠡᠷ 25 ᠡᠴᠡ 27 ᠤ ᠡᠳᠦᠷ ᠪᠤᠯᠲᠠᠯ᠎ᠠ᠂ ᠤᠷᠤᠨ ᠳᠠᠶᠠᠭᠠᠷ ᠤᠨ ᠶᠡᠬᠡᠩᠬᠡᠢ ᠬᠡᠰᠡᠭ ᠭᠠᠵᠠᠷ ᠲᠤ ᠲᠤᠩᠭ᠋ᠠᠯᠠᠭ ᠡᠴᠡ ᠡᠭᠦᠯᠡᠰᠢᠨ᠎ᠠ᠂ ᠪᠠᠭ᠎᠎ᠠ ᠲᠤᠨᠳᠠᠰᠤ ᠲᠠᠢ᠃ 26 ᠤ ᠡᠳᠦᠷ᠂ ᠳᠤᠮᠳᠠᠳᠤ ᠪᠠᠷᠠᠭᠤᠨ ᠪᠦᠰᠡ ᠵᠢᠴᠢ ᠵᠡᠭᠦᠨ ᠬᠡᠰᠡᠭ ᠤᠨ ᠵᠠᠷᠢᠮ ᠪᠦᠰᠡ ᠨᠤᠲᠤᠭ ᠢᠶᠡᠷ 30 ᠭᠷᠠᠳ᠋ᠦ᠋ᠰ ᠡᠴᠡ ᠳᠡᠭᠡᠭ᠍ᠰᠢᠬᠢ ᠦᠨᠳᠦᠷ ᠬᠠᠯᠠᠭᠤᠨ ᠴᠠᠭ ᠠᠭᠠᠷ ᠢᠯᠡᠷᠡᠨ᠎ᠠ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121044115