蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ 3 ᠨᠢᠬᠡᠴᠡ ᠤᠯᠤᠰ ᠲᠠᠶᠠᠭᠠᠷ ᠤᠨ ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠵᠢᠱᠢᠶ᠎ᠠ ᠦᠵᠡᠬᠦᠯᠬᠦ ᠰᠠᠭᠤᠷᠢᠨ ᠪᠤᠯᠪᠡ

2017-05-26 17:49

    ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠡᠴᠡ ᠤᠶᠢᠯᠠᠭᠠᠭᠰᠠᠨ ᠢᠶᠡᠷ᠂ ᠬᠦᠳᠡᠬᠡ ᠠᠵᠤ ᠠᠬᠤᠢ ᠶᠢᠨ ᠶᠠᠮᠤᠨ ᠤᠯᠤᠰ ᠲᠠᠶᠠᠭᠠᠷ ᠤᠨ ᠰᠢᠨ᠎ᠠ ᠮᠠᠶ᠊ᠢᠭ ᠤᠨ ᠲᠤᠬᠠᠶᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠵᠢᠱᠢᠶ᠎ᠠ ᠦᠵᠡᠬᠦᠯᠬᠦ ᠠᠩᠬᠠᠨ ᠤ ᠪᠦᠯᠦᠭ 100 ᠰᠠᠭᠤᠷᠢᠨ ᠤ ᠨᠡᠷᠡᠰ ᠢ ᠵᠠᠷᠯᠠᠪᠠ᠃ ᠦᠪᠦᠷ ᠮᠤᠩᠭᠤᠯ ᠡᠴᠡ ᠪᠤᠭᠤᠳᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ᠂ ᠤᠯᠠᠭᠠᠨᠬᠠᠳᠠ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠰᠤᠳᠤᠯᠭᠠᠨ ᠤ ᠬᠦᠷᠢᠶᠡᠯᠡᠩ ᠪᠤᠯᠤᠨ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠳᠤ ᠬᠤᠰᠢᠭᠤᠨ ᠤ ᠬᠦᠳᠡᠬᠡ ᠠᠵᠤ ᠠᠬᠤᠢ ᠶᠢᠨ ᠷᠠᠳᠢᠣ᠋ ᠲᠧᠯᠧᠶ᠋ᠰ  ᠰᠤᠷᠭᠠᠭᠤᠯᠢ ᠪᠡᠷ ᠭᠤᠤᠯᠳᠠᠭᠤᠯᠤᠨ ᠪᠠᠶᠢᠭᠤᠯᠤᠭᠰᠠᠨ ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠵᠢᠱᠢᠶ᠎ᠠ ᠦᠵᠡᠬᠦᠯᠬᠦ 3 ᠰᠠᠭᠤᠷᠢᠨ ᠨᠡᠷᠡᠰ ᠤᠨ ᠵᠢᠬᠰᠠᠭᠠᠯᠳᠠ ᠳᠤ ᠤᠷᠤᠵᠠᠢ᠃

    2013 ᠤᠨ ᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠲᠦᠩᠯᠢᠶᠤᠤ ᠬᠤᠳᠠ ᠶᠢᠨ ᠺᠠᠶᠢᠯᠤ ᠰᠢᠶᠠᠨ ᠪᠤᠯᠤᠨ ᠤᠯᠠᠭᠠᠨᠬᠠᠳᠠ ᠶᠢᠨ ᠬᠠᠷᠠᠴᠢᠨ ᠬᠤᠰᠢᠭᠤ ᠡᠴᠡ ᠡᠬᠢᠯᠡᠨ ᠤᠷᠤᠨ ᠲᠠᠶᠠᠭᠠᠷ ᠤᠨ ᠲᠠᠷᠢᠶᠠᠯᠠᠬᠤ ᠮᠠᠯᠵᠢᠬᠤ ᠦᠢᠯᠡᠰ ᠤᠨ ᠡᠳ᠋ ᠤᠨ ᠵᠠᠰᠠᠭ ᠤᠨ ᠪᠠᠶᠢᠭᠤᠯᠤᠯᠳᠠ ᠳᠤ ᠤᠯᠠᠨ ᠮᠡᠷᠬᠡᠵᠢᠯᠳᠡᠨ ᠪᠤᠯᠤᠨ ᠰᠢᠨ᠎ᠡ ᠶᠢ ᠡᠬᠦᠳᠬᠦ ᠪᠤᠯᠪᠠᠰᠤᠨ ᠬᠦᠴᠦᠨ ᠬᠦᠮᠦᠵᠢᠬᠦᠯᠬᠦ  ᠵᠤᠷᠢᠭᠤᠯᠤᠯᠳᠠ ᠲᠠᠢ ᠪᠡᠷ ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠠᠵᠢᠯ ᠦᠷᠨᠢᠬᠦᠯᠪᠠ᠃

    ᠦᠨᠦ ᠵᠢᠯ ᠤᠨ ᠡᠬᠢᠨ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ 《ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠠᠵᠢᠯ ᠤᠨ ᠲᠤᠬᠠᠢ ᠰᠠᠨᠠᠯ》 ᠳᠤ ᠦᠢᠯᠡᠳᠪᠦᠷᠢᠯᠡᠯ ᠡᠵᠡᠩᠨᠡᠯᠳᠡ ᠶᠢᠨ ᠬᠡᠯᠪᠡᠷᠢ ᠶᠢᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠪᠡᠷ ᠭᠤᠤᠯᠳᠠᠭᠤᠯᠵᠤ ᠂ ᠲᠤᠰᠬᠠᠢ ᠮᠡᠷᠬᠡᠵᠢᠯ ᠤᠨ ᠪᠤᠯᠤᠨ ᠲᠤᠰᠬᠠᠢ ᠦᠢᠯᠡᠴᠢᠯᠡᠬᠡᠨ ᠤ ᠮᠠᠶ᠊ᠢᠭ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠪᠡᠷ ᠬᠠᠪᠰᠤᠷᠭᠠᠨ᠂ ᠵᠢᠯ ᠪᠦᠷᠢ ᠲᠦᠮᠡ ᠭᠠᠷᠤᠢ ᠴᠢᠳᠠᠪᠤᠷᠢᠳᠠᠨ ᠬᠦᠮᠦᠵᠢᠬᠦᠯᠵᠤ᠂ 2020 ᠤᠨ ᠪᠤᠯᠬᠤ ᠳᠤ ᠤᠷᠤᠨ ᠲᠠᠶᠠᠭᠠᠷ ᠲᠤ 5 ᠲᠦᠮᠡ ᠭᠠᠷᠤᠢ ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠪᠡᠷ ᠴᠢᠷᠮᠠᠶᠢᠵᠤ ᠪᠤᠢ᠃ 5 ᠵᠢᠯ ᠤᠨ ᠴᠢᠷᠮᠠᠶᠢᠯᠭ᠎ᠠ ᠪᠡᠷ᠂ ᠤᠷᠤᠨ ᠲᠠᠶᠠᠭᠠᠷ ᠤᠨ ᠰᠢᠨ᠎ᠡ ᠮᠠᠶ᠊ᠢᠭ ᠤᠨ ᠲᠤᠬᠠᠢᠢᠯᠠᠬᠰᠠᠨ ᠠᠵᠢᠯ ᠤᠨ ᠮᠠᠯᠴᠢᠨ ᠲᠠᠷᠢᠶᠠᠴᠢᠨ ᠬᠦᠮᠦᠵᠢᠬᠦᠯᠬᠦ ᠳ᠋ᠦ ᠰᠤᠷᠭᠠᠨ ᠬᠦᠮᠦᠵᠢᠯ ᠤᠨ ᠪᠤᠯᠪᠠᠰᠤᠷᠠᠯ᠂ ᠲᠦᠷᠢᠮᠵᠢᠭᠰᠡᠨ ᠬᠠᠮᠢᠶᠠᠷᠤᠯᠳᠠ ᠪᠤᠯᠤᠨ ᠲᠦᠷᠦ ᠶᠢᠨ ᠪᠤᠳᠤᠯᠭ᠎ᠠ ᠶᠢᠨ ᠲᠡᠮᠵᠢᠯᠬᠡ ᠵᠡᠷᠬᠡ ᠲᠦᠷᠢᠮ ᠲᠤᠭᠳᠠᠭᠠᠯ ᠤᠨ ᠰᠢᠰᠲ᠋ᠧᠮᠵᠢᠯ ᠢ ᠰᠦᠪᠡᠭ᠍ᠴᠢᠯᠡᠨ ᠪᠠᠶᠢᠭᠤᠯᠤᠨ᠎ᠠ ᠭᠡᠵᠦ ᠲᠤᠳᠤᠷᠬᠠᠢ ᠲᠤᠷᠠᠳᠴᠠᠢ᠃

ᠢᠷᠡᠯᠳᠡ᠄ ᠦᠪᠦᠷ ᠮᠤᠩᠭ᠋ᠤᠯ ᠤᠨ ᠰᠤᠨᠢᠨ ᠮᠡᠳᠡᠬᠡᠨ ᠤ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121044269