蒙古文网站Logo
ᠰᠢᠨᠬᠤᠸᠠ ᠮᠤᠩᠭ᠋ᠤᠯ ᠨᠧᠲ

《ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠤ ᠡᠳᠤᠷ》 ᠦᠪᠦᠷ ᠮᠤᠩᠭ᠋ᠤᠯ ᠤᠨ ᠠᠵᠢᠯᠯᠠᠭ᠎ᠠ ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ

2017-05-27 16:28

    ᠰᠢᠨᠬᠤᠸᠠ ᠨᠧᠲ  ᠬᠦᠬᠡᠬᠤᠳᠠ ᠶᠢᠨ 5 ᠰᠠᠷ᠎ᠠ ᠶᠢᠨ 26 ᠤ ᠡᠳᠤᠷ ᠤᠨ ᠴᠠᠬᠢᠯᠭᠠᠨ ᠮᠡᠳᠡᠬᠡ  26 ᠤ ᠡᠳᠤᠷ᠂ ᠠᠩᠬᠠᠳᠠᠬᠢ ᠡᠬᠡᠯᠵᠢ ᠶᠢᠨ《 ᠪᠦᠬᠦ ᠤᠯᠤᠰ ᠤᠨ ᠰᠢᠨᠵᠢᠯᠡᠬᠦ ᠲᠧᠭᠨᠤᠯᠤᠬᠢ ᠶᠢᠨ ᠠᠵᠢᠯᠳᠠᠨ ᠤ ᠡᠳᠤᠷ》 ᠦᠪᠦᠷ ᠮᠤᠩᠭ᠋ᠤᠯ ᠤᠨ ᠠᠵᠢᠯᠯᠠᠭ᠎ᠠ ᠬᠦᠬᠡᠬᠤᠳᠠ ᠳᠤ ᠵᠤᠬᠢᠶᠠᠨ ᠪᠠᠶᠢᠭᠤᠯᠤᠭᠳᠠᠪᠠ᠃ ᠠᠵᠢᠯᠯᠠᠭ᠎ᠠ ᠳᠤ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ 30 ᠭᠠᠷᠤᠢ ᠰᠢᠯᠢᠳᠡᠭ ᠠᠵᠢᠯᠳᠠᠨ᠂ ᠤᠷᠤᠨ ᠲᠠᠶᠠᠭᠠᠷ ᠤᠨ ᠰᠢᠨᠵᠢᠯᠡᠬᠦ ᠤᠬᠠᠭᠠᠨ ᠲᠦᠬᠡᠮᠡᠯᠵᠢᠬᠦᠯᠬᠦ ᠠᠵᠢᠯ ᠤᠨ 10 ᠲᠠᠭᠠᠭᠤᠯᠤᠭᠴᠢ᠂ ᠤᠷᠤᠨ ᠲᠠᠶᠠᠭᠠᠷ ᠤᠨ ᠰᠢᠨᠵᠢᠯᠡᠬᠦ ᠤᠬᠠᠭᠠᠨ ᠲᠦᠬᠡᠮᠡᠯᠵᠢᠬᠦᠯᠬᠦ ᠠᠵᠢᠯ ᠤᠨ 10 ᠰᠠᠶᠢᠨ ᠲᠤᠷᠠᠲᠠᠨ᠂ ᠤᠷᠤᠨ ᠲᠠᠶᠠᠭᠠᠷ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠵᠢᠯᠤᠭᠤᠳᠤᠭᠴᠢ᠂ ᠤᠷᠤᠨ ᠲᠠᠶᠠᠭᠠᠷ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠰᠤᠷᠭᠠᠨ ᠬᠦᠮᠦᠵᠢᠯ ᠤᠨ 4 ᠮᠡᠷᠬᠡᠵᠢᠯᠳᠡᠨ᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠤ ᠰᠢᠨ᠎ᠡ ᠶᠢ ᠡᠬᠦᠳᠤᠨ ᠦᠢᠯᠡᠰ ᠪᠤᠰᠬᠠᠬᠤ ᠲᠡᠮᠡᠴᠡᠬᠡᠨ ᠳᠤ ᠨᠢᠬᠡ᠂ ᠬᠤᠶᠠᠷ᠂ ᠭᠤᠷᠪᠠᠳᠤᠭᠠᠷ ᠲᠤ ᠲᠤᠳᠤᠷᠠᠭᠰᠠᠨ18 ᠤᠷᠤᠯᠴᠠᠭᠴᠢ ᠳᠤ ᠱᠠᠩᠨᠠᠯ ᠭᠠᠷᠳᠠᠭᠤᠯᠪᠠ᠃

    ᠲᠦᠷᠦ ᠶᠢᠨ ᠶᠠᠪᠤᠳᠠᠯ ᠤᠨ ᠬᠤᠷᠢᠶᠠᠨ ᠡᠴᠡ 2016 ᠤᠨ ᠤ 11 ᠰᠠᠷ᠎ᠠ ᠳᠤ ᠵᠢᠯ ᠪᠦᠷᠢ ᠶᠢᠨ 5 ᠰᠠᠷ᠎ᠠ ᠶᠢᠨ 30 ᠤ ᠡᠳᠤᠷ ᠢ 《 ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠤ ᠡᠳᠤᠷ》  ᠢᠶᠡᠷ ᠲᠤᠭᠳᠠᠭᠠᠪᠠ᠃ 2017 ᠤᠨ ᠳᠤ ᠠᠩᠬᠠᠳᠠᠬᠢ ᠡᠬᠡᠯᠵᠢ ᠶᠢᠨ 《 ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠤ ᠡᠳᠤᠷ》 ᠤ᠋ᠨ ᠠᠵᠢᠯᠯᠠᠭ᠎ᠠ 《 ᠡᠬᠡ ᠤᠷᠤᠨ ᠳᠤ ᠪᠠᠨ ᠰᠢᠳᠤᠷᠭᠤ ᠵᠢᠳᠬᠦᠬᠦ᠂ ᠲᠡᠷᠢᠬᠦᠯᠡᠬᠦ ᠪᠡᠷ ᠬᠦᠴᠦᠯᠡᠨ ᠲᠡᠮᠡᠴᠡᠬᠦ᠂ ᠪᠤᠳᠠᠳᠠᠢ ᠶᠢ ᠡᠷᠬᠢᠮᠯᠡᠬᠦ ᠦᠨᠡᠨᠴᠢ ᠢᠳᠡᠬᠡᠯ᠂ ᠬᠤᠪᠢ ᠬᠠᠨᠳᠢᠪ ᠨᠡᠮᠡᠷᠢᠯᠡᠬᠦ》ᠭᠤᠤᠯ ᠰᠡᠳᠤᠪ ᠤᠨ ᠲᠤᠭᠤᠷᠢᠨ ᠳᠤ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠠᠵᠢᠯᠳᠠᠨ ᠤ ᠤᠯᠤᠰ ᠢᠶᠡᠨ ᠬᠠᠶᠢᠷᠠᠯᠠᠬᠤ᠂ ᠬᠤᠪᠢ ᠬᠠᠨᠳᠢᠪ ᠨᠡᠮᠡᠷᠢᠯᠡᠬᠦ᠂ ᠦᠨᠡᠨ ᠢ ᠡᠷᠢᠬᠦ᠂ ᠰᠢᠨ᠎ᠡ ᠶᠢ ᠡᠬᠦᠳᠬᠦ ᠵᠤᠷᠢᠭ ᠰᠠᠨᠠᠭ᠎ᠠ ᠶᠢ ᠤᠯᠠᠮᠵᠢᠯᠠᠨ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠦᠯᠢᠭᠡᠷ ᠢ ᠰᠠᠶᠢᠨ ᠶᠠᠷᠢᠬᠤ᠂ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠮᠡᠷᠬᠡᠵᠢᠯᠳᠡᠨ ᠤ ᠦᠯᠢᠭᠡᠷ ᠢ ᠰᠠᠶᠢᠬᠠᠨ ᠶᠠᠷᠢᠬᠤ ᠵᠡᠷᠬᠡ ᠴᠤᠪᠤᠷᠠᠯ ᠠᠵᠢᠯᠯᠠᠭ᠎ᠠ ᠦᠷᠨᠢᠬᠦᠯᠤᠭ᠍ᠰᠡᠨ ᠪᠠᠶᠢᠨ᠎ᠠ᠃

    ᠲᠤᠰ ᠤᠳᠠᠭᠠᠨ ᠤ ᠠᠵᠢᠯᠯᠠᠭ᠎ᠠ ᠶᠢ ᠦᠪᠦᠷ ᠮᠤᠩᠭ᠋ᠤᠯ ᠤᠨ ᠰᠢᠨᠵᠢᠯᠡᠬᠦ ᠤᠬᠠᠭᠠᠨ ᠲᠧᠭᠨᠤᠯᠤᠬᠢ ᠶᠢᠨ ᠨᠡᠶᠢᠬᠡᠮᠯᠢᠭ᠌᠂ ᠰᠢᠨᠵᠢᠯᠡᠬᠦ ᠤᠬᠠᠭᠠᠨ ᠲᠧᠭᠨᠤᠯᠤᠬᠢ ᠶᠢᠨ ᠲᠢᠩᠬᠢᠮ ᠡᠴᠡ ᠰᠠᠨᠠᠭᠠᠴᠢᠯᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ᠂ ᠤᠬᠠᠭᠤᠯᠬᠤ ᠬᠡᠯᠳᠡᠰ᠂ ᠰᠤᠷᠭᠠᠨ ᠬᠦᠮᠦᠵᠢᠯ ᠤᠨ ᠲᠢᠩᠬᠢᠮ᠂ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠤᠷᠴᠢᠨ ᠲᠤᠭᠤᠷᠢᠨ ᠢ ᠬᠠᠮᠠᠭᠠᠯᠠᠬᠤ ᠲᠢᠩᠬᠢᠮ ᠡᠴᠡ ᠬᠠᠮᠳᠤᠷᠠᠨ ᠵᠤᠬᠢᠶᠠᠨ ᠪᠠᠶᠢᠭᠤᠯᠤᠭᠰᠠᠨ ᠪᠠᠶᠢᠨ᠎ᠠ᠃

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120691121050089