蒙古文网站Logo
ᠰᠢᠨᠬᠤᠸᠠ ᠮᠤᠩᠭ᠋ᠤᠯ ᠨᠧᠲ

2017 ᠳᠤᠮᠳᠠᠳᠤ ᠤᠯᠤᠰ ᠤᠨ ᠡᠵᠠᠨ᠎ᠠ ᠶᠢᠨ ᠲᠤᠤᠷᠠᠢ ᠶᠢᠨ ᠨᠠᠶᠢᠷ ᠪᠤᠯᠤᠨ ᠤᠯᠠᠭᠠᠨ ᠰᠤᠬᠠᠢ ᠶᠢᠨ ᠨᠠᠶᠢᠷ ᠨᠡᠭᠡᠭᠡᠯᠲᠠ ᠪᠡᠨ ᠬᠢᠪᠠ

2017-05-30 12:45

    5 ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠵᠠᠨ᠎ᠠ ᠶᠢᠨ ᠪᠤᠬᠢᠷᠳᠤᠯ ᠦᠭᠡᠢ ᠲᠤᠤᠷᠠᠢ ᠶᠢᠨ ᠨᠠᠶᠢᠷ ᠪᠤᠯᠤᠨ ᠤᠯᠠᠭᠠᠨ ᠰᠤᠬᠠᠢ ᠶᠢᠨ ᠨᠠᠶᠢᠷ ᠡᠵᠡᠨ᠎ᠠ ᠬᠤᠰᠢᠭᠤᠨ ᠤ ᠶᠦᠩ ᠵᠢᠶᠦ᠋ᠨ ᠲᠠᠯᠠᠪᠠᠢ ᠳᠤ ᠨᠡᠭᠡᠭᠡᠯᠲᠠ ᠪᠡᠨ ᠬᠢᠪᠠ᠂ ᠤᠯᠠᠨ ᠶᠠᠩᠵᠤ ᠶᠢᠨ ᠪᠤᠬᠢᠷᠳᠤᠯ ᠦᠭᠡᠢ ᠵᠢᠭᠤᠯᠴᠢᠯᠠᠯ ᠤᠨ ᠠᠵᠢᠯᠯᠠᠭ᠎ᠠ ᠡᠵᠡᠨ᠎ᠠ ᠶᠢᠨ ᠵᠤᠨ ᠤ ᠤᠯᠠᠷᠢᠯ ᠤᠨ ᠵᠢᠭᠤᠯᠴᠢᠯᠠᠯ ᠤᠨ ᠬᠠᠯᠠᠭᠤᠨ ᠤᠷᠤᠰᠬᠠᠯ ᠢ ᠳᠡᠭᠳᠡᠭᠡᠪᠠ᠃ ᠨᠡᠭᠡᠭᠡᠯᠲᠠ ᠶᠢᠨ ᠶᠤᠰᠤᠯᠠᠯ ᠳᠡᠭᠡᠷ᠎ᠠ᠂ ᠦᠳᠡᠰᠢᠯᠡᠭᠡ ᠵᠢᠴᠢ ᠤᠨᠢᠰᠤᠭ᠎ᠠ ᠲᠠᠭᠠᠬᠤ᠂ ᠴᠠᠭᠠᠷᠢᠭ ᠬᠠᠶᠠᠬᠤ᠂ ᠰᠠᠨᠳᠠᠯᠢ ᠪᠤᠯᠢᠶᠠᠯᠳᠤᠬᠤ᠂ ᠰᠠᠪᠬ᠎ᠠ ᠪᠡᠷ ᠫᠢᠩ ᠫᠠᠩ ᠪᠦᠮᠪᠦᠬᠡ ᠳᠠᠮᠵᠢᠭᠤᠯᠬᠤ ᠵᠡᠷᠭᠡ ᠵᠤᠭ᠎ᠠ ᠴᠡᠩᠭᠡᠯ ᠤᠨ ᠠᠵᠢᠯᠯᠠᠭ᠎ᠠ ᠶᠠᠪᠤᠭᠤᠯᠪᠠ᠃

    ᠤᠶᠢᠯᠠᠭᠠᠭᠰᠠᠨ ᠢᠶᠡᠷ᠂ ᠲᠤᠰ ᠤᠳᠠᠭᠠᠨ ᠤ ᠠᠵᠢᠯᠯᠠᠭ᠎ᠠ ᠨᠢ 8 ᠰᠠᠷ᠎ᠠ ᠶᠢᠨ ᠰᠡᠭᠦᠯᠴᠢ ᠳᠤ ᠳᠠᠭᠤᠰᠤᠨ᠎ᠠ᠃ ᠠᠵᠢᠯᠯᠠᠭᠠᠨ ᠤ ᠶᠠᠪᠤᠴᠠ ᠳᠤ ᠬᠤᠪᠴᠠᠰᠤᠨ ᠤ ᠦᠵᠡᠭᠦᠯᠦᠯᠭᠡ ᠶᠢᠨ ᠤᠷᠤᠯᠳᠤᠭᠠᠨ᠂《 ᠬᠦᠳᠡᠯᠮᠦᠷᠢ ᠬᠠᠮᠤᠭ ᠤᠨ ᠦᠩᠭᠡ ᠬᠡᠷᠡᠯᠲᠡᠢ》 ᠬᠡᠮᠡᠬᠦ ᠭᠤᠤᠯ ᠰᠡᠳᠦᠪᠲᠤ ᠬᠡᠷᠡᠯ ᠵᠢᠷᠤᠭ ᠤᠨ ᠦᠵᠡᠰᠭᠦᠯᠡᠩ᠂ ᠤᠷᠤᠨ ᠳᠠᠶᠠᠭᠠᠷ ᠤᠨ ᠳᠠᠪᠤᠲᠤᠭᠠᠷ ᠬᠤᠭᠤᠴᠠᠭᠠᠨ ᠤ ᠭᠠᠷ ᠤᠷᠠᠯᠠᠯ ᠤᠨ ᠪᠤᠳᠠᠰ ᠤᠨ ᠤᠷᠤᠯᠳᠤᠭᠠᠨ᠂ ᠲᠦᠮᠡᠨ ᠬᠦᠮᠦᠨ ᠤ ᠲᠤᠷᠭᠠᠨ ᠤ ᠵᠠᠮ ᠶᠠᠪᠠᠭᠠᠨ ᠠᠶᠠᠯᠠᠬᠤ ᠠᠵᠢᠯᠯᠠᠭ᠎ᠠ ᠵᠢᠴᠢ ᠳᠤᠮᠳᠠᠳᠤ ᠤᠯᠤᠰ ᠤᠨ ᠤᠯᠠᠨ ᠤᠯᠤᠰ ᠤᠨ ᠮᠠᠰᠢᠨᠲᠤ ᠭᠡᠷ ᠤᠨ ᠵᠢᠭᠤᠯᠴᠢᠯᠠᠯ ᠤᠨ ᠶᠡᠬᠡ ᠬᠤᠷᠠᠯ ᠤᠨ ᠡᠵᠡᠨ᠎ᠠ ᠳᠡᠬᠢ ᠬᠤᠪᠢᠶᠠᠷᠢ ᠦᠷᠲᠡᠭᠡ᠂ ᠵᠢᠭᠤᠯᠴᠢᠯᠠᠯ ᠤᠨ ᠳᠤᠷᠠᠰᠬᠠᠯ ᠤᠨ ᠪᠤᠳᠠᠰ ᠦᠢᠯᠡᠳᠬᠦ ᠤᠷᠤᠯᠳᠤᠭᠠᠨ ᠵᠡᠷᠭᠡ ᠠᠵᠢᠯᠯᠠᠭ᠎ᠠ ᠶᠢ ᠶᠠᠪᠤᠭᠤᠯᠬᠤ ᠪᠤᠯᠤᠨ᠎ᠠ᠃ ᠵᠢᠭᠤᠯᠴᠢᠳ ᠤᠨ ᠵᠠᠮᠨᠠᠬᠤ ᠳᠤ ᠳᠦᠭᠦᠮ ᠦᠵᠡᠭᠦᠯᠬᠦ ᠶᠢᠨ ᠲᠦᠯᠦᠭᠡ ᠲᠤᠰ ᠬᠤᠰᠢᠭᠤ ᠾᠸ ᠨᠠᠨ ᠡᠴᠡ ᠡᠵᠡᠨ᠎ᠠ ᠬᠦᠷᠬᠦ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠪᠤᠯᠤᠨ ᠬᠦᠬᠡᠬᠤᠲᠠ ᠡᠴᠡ ᠡᠵᠡᠨ᠎ᠠ ᠬᠦᠷᠬᠦ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠲᠤᠬᠢᠷᠠᠭᠤᠯᠵᠠᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121057927