蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠲᠤᠮᠤ ᠬᠡᠯᠪᠡᠷᠢ ᠶᠢᠨ ᠲᠸᠭ᠍ᠨᠤᠯᠤᠭᠢ ᠶᠢᠨ ᠬᠡᠷᠡᠭᠰᠡᠯ ᠤᠨ ᠨᠡᠭᠡᠭᠡᠯᠲᠡ ᠲᠠᠢ ᠬᠠᠮᠲᠤ ᠪᠡᠷ ᠠᠰᠢᠬᠯᠠᠬᠤ ᠲᠤᠷᠰᠢᠯᠲᠠ ᠶᠢᠨ ᠪᠠᠶᠢᠭᠤᠯᠤᠯᠭ᠎ᠠ ᠰᠢᠨ᠎ᠠ ᠪᠡᠷ 3 ᠨᠡᠮᠡᠭᠳᠡᠪᠡ

2017-05-31 11:22

    ᠰᠡᠭᠦᠯ ᠤᠨ ᠦᠶ᠎ᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠨᠵᠢᠯᠠᠬᠦ ᠤᠬᠠᠭᠠᠨ ᠲᠸᠭ᠍ᠨᠤᠯᠤᠭᠢ ᠶᠢᠨ ᠲᠢᠩᠬᠢᠮ ᠡᠴᠡ ᠲᠤᠮᠤ ᠬᠡᠯᠪᠡᠷᠢ ᠶᠢᠨ ᠲᠸᠭ᠍ᠨᠤᠯᠤᠭᠢ ᠶᠢᠨ ᠬᠡᠷᠡᠭᠰᠡᠯ ᠤᠨ ᠨᠡᠭᠡᠭᠡᠯᠲᠡ ᠲᠠᠢ ᠬᠠᠮᠲᠤ ᠪᠡᠷ ᠠᠰᠢᠬᠯᠠᠬᠤ ᠪᠤᠯᠤᠨ ᠲᠸᠭ᠍ᠨᠤᠯᠤᠭᠢ ᠶᠢᠨ ᠦᠨᠳᠦᠰᠦᠨ ᠨᠦᠬᠦᠴᠡᠯ ᠤᠨ ᠡᠬᠢ ᠰᠤᠷᠪᠤᠯᠵᠢ ᠶᠢ ᠪᠠᠶᠢᠴᠠᠭᠠᠬᠤ ᠠᠵᠢᠯ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠤᠷᠠᠯ ᠡᠴᠡ ᠦᠪᠦᠷ ᠮᠣᠩᠭᠣᠯ ᠤᠨ ᠶᠡᠬᠡ ᠰᠤᠷᠭᠠᠭᠤᠯᠢ᠂ ᠪᠤᠭᠤᠲᠤ ᠬᠤᠲᠠ ᠶᠢᠨ ᠢᠳᠡᠭᠡᠨ ᠡᠮ ᠰᠢᠯᠭᠠᠨ ᠪᠠᠶᠢᠴᠠᠭᠠᠬᠤ ᠲᠦᠪ᠂ ᠪᠠᠶᠠᠨᠨᠠᠭᠤᠷ ᠬᠤᠲᠠ ᠶᠢᠨ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠶᠠᠯᠠᠩ ᠮᠠᠯ ᠠᠵᠦ ᠠᠬᠤᠢ ᠶᠢᠨ ᠭᠠᠷᠤᠯᠳᠠ ᠶᠢ ᠵᠠᠳᠠᠯᠤᠨ ᠰᠢᠯᠭᠠᠬᠤ ᠲᠦᠪ ᠵᠡᠷᠭᠡ 3 ᠪᠠᠶᠢᠭᠤᠯᠤᠯᠭ᠎ᠠ ᠨᠢᠭᠡᠴᠡ ᠲᠤᠮᠤ ᠬᠡᠯᠪᠡᠷᠢ ᠶᠢᠨ ᠲᠸᠭ᠍ᠨᠤᠯᠤᠭᠢ ᠶᠢᠨ ᠬᠡᠷᠡᠭᠰᠡᠯ ᠤᠨ ᠨᠡᠭᠡᠭᠡᠯᠲᠡ ᠲᠠᠢ ᠬᠠᠮᠲᠤ ᠪᠡᠷ ᠠᠰᠢᠬᠯᠠᠬᠤ ᠲᠤᠷᠰᠢᠯᠲᠠ ᠶᠢᠨ ᠪᠠᠶᠢᠭᠤᠯᠤᠯᠭ᠎ᠠ ᠪᠤᠯᠵᠠᠢ᠃

    2016 ᠤᠨ ᠤ ᠵᠢᠯ ᠤᠨ ᠡᠴᠤᠰ ᠤᠨ ᠲᠤᠭ᠎ᠠ ᠪᠦᠷᠢᠳᠭᠡᠯ ᠡᠴᠡ ᠠᠪᠴᠤ ᠦᠵᠡᠪᠡᠯ᠂ ᠦᠪᠦᠷ ᠮᠣᠩᠭᠣᠯ ᠤᠨ ᠲᠤᠮᠤ ᠬᠡᠯᠪᠡᠷᠢ ᠶᠢᠨ ᠲᠸᠭ᠍ᠨᠤᠯᠤᠭᠢ ᠶᠢᠨ ᠬᠡᠷᠡᠭᠰᠡᠯ ᠤᠨ ᠬᠠᠮᠲᠤᠷᠠᠨ ᠠᠵᠢᠯᠯᠠᠵᠤ ᠬᠠᠮᠲᠤᠪᠠᠷ ᠠᠰᠢᠬᠯᠠᠬᠤ ᠨᠸᠲ ᠲᠤ 15 ᠪᠠᠶᠢᠭᠤᠯᠤᠯᠭ᠎ᠠ ᠨᠢᠭᠡᠴᠡ ᠶᠢᠨ ᠪᠦᠷᠢᠳᠭᠡᠭᠦᠯᠦᠭᠰᠡᠨ 86 ᠲᠸᠭ᠍ᠨᠤᠯᠤᠭᠢ ᠶᠢᠨ ᠬᠡᠷᠡᠭᠰᠡᠯ ᠪᠠᠶᠢᠵᠤ᠂ ᠨᠡᠶᠢᠲᠡ 250 ᠲᠦᠷᠦ ᠶᠢᠨ ᠵᠡᠷᠭᠡᠯᠡᠯ ᠪᠤᠯᠤᠨ 82 ᠤᠷᠤᠨ ᠤ ᠵᠡᠷᠭᠡᠯᠡᠯ ᠤᠨ ᠲᠸᠭ᠍ᠨᠤᠯᠤᠭᠢ ᠶᠢᠨ ᠲᠦᠰᠦᠯ ᠢ ᠡᠭᠦᠷᠭᠡᠯᠡᠵᠤ᠂ ᠤᠷᠤᠨ ᠤ ᠳᠤᠲᠤᠨ᠎ᠠ ᠭᠠᠳᠠᠨᠠᠬᠢ 260 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠪᠠᠶᠢᠴᠠᠭᠠᠨ ᠵᠠᠳᠠᠯᠠᠬᠤ ᠦᠢᠯᠡᠴᠢᠯᠡᠭᠡ ᠬᠠᠩᠭ᠋ᠠᠨ᠎ᠠ᠂ ᠤᠳᠤᠬᠠᠨ ᠳᠤ᠂ 12 ᠲᠦᠮᠡ ᠭᠠᠷᠤᠢ ᠦᠯᠢᠭᠡᠷ ᠡᠳ᠋ ᠢ ᠪᠠᠶᠢᠴᠠᠭᠠᠨ ᠵᠠᠳᠠᠯᠤᠭᠠᠳ ᠪᠤᠢ᠃

ᠢᠷᠡᠯᠳᠡ᠄ ᠦᠪᠦᠷ ᠮᠣᠩᠭᠣᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011100001121062092