蒙古文网站Logo
ᠰᠢᠨᠬᠤᠸᠠ ᠮᠤᠩᠭ᠋ᠤᠯ ᠨᠧᠲ

ᠮᠠᠨᠵᠤᠤᠷ ᠬᠦᠬᠡᠬᠤᠲᠠ ᠶᠢᠨ ᠵᠢᠭᠤᠯᠴᠢᠯᠠᠯ ᠤᠨ ᠠᠵᠤ ᠠᠬᠤᠶᠢᠯᠠᠯ ᠬᠢᠯᠢ ᠳᠠᠮᠨᠠᠭᠰᠠᠨ ᠵᠢᠭᠤᠯᠴᠢᠯᠠᠯ ᠤᠨ ᠱᠤᠭᠤᠮ ᠢ ᠬᠠᠮᠲᠤᠪᠠᠷ ᠴᠤᠭᠴᠠᠯᠠᠬᠤ ᠪᠡᠷ ᠪᠤᠢ

2017-06-01 11:03

    ᠰᠢᠨᠬᠤᠸᠠ ᠨᠸᠲ  ᠬᠦᠬᠡᠬᠤᠲᠠ ᠶᠢᠨ 5 ᠰᠠᠷ᠎ᠠ ᠶᠢᠨ 31 ᠤ ᠡᠳᠦᠷ ᠤᠨ ᠴᠠᠬᠢᠯᠭᠠᠨ ᠮᠡᠳᠡᠭᠡ ( ᠰᠢᠦᠢ ᠮᠸᠢ)  31 ᠤ ᠡᠳᠦᠷ᠂ ᠮᠠᠨᠵᠤᠤᠷ ᠬᠤᠳᠠ ᠶᠢᠨ ᠵᠢᠭᠤᠯᠴᠢᠯᠠᠯ ᠢ ᠲᠦᠯᠬᠢᠨ ᠠᠬᠢᠭᠤᠯᠬᠤ ᠠᠩᠬᠠᠨ ᠤ ᠬᠤᠷᠠᠯ ᠬᠦᠬᠡᠬᠤᠲᠠ ᠳᠤ ᠶᠠᠪᠤᠭᠳᠠᠪᠠ᠃ ᠬᠤᠶᠠᠷ ᠤᠷᠤᠨ ᠤ ᠵᠢᠭᠤᠯᠴᠢᠯᠠᠯ ᠤᠨ ᠠᠵᠤ ᠠᠬᠤᠶᠢᠯᠠᠯ ᠤᠨ ᠬᠢᠨ ᠬᠠᠮᠲᠤ ᠶᠢᠨ ᠠᠵᠢᠯᠯᠠᠭᠠᠨ ᠤ ᠬᠡᠯᠡᠯᠴᠡᠭᠡᠷ ᠲᠤᠭᠲᠠᠵᠤ᠂ ᠮᠠᠨᠵᠤᠤᠷ- ᠬᠦᠬᠡᠬᠤᠲᠠ- ᠤᠷᠤᠰ (ᠮᠣᠩᠭᠣᠯ ᠤᠯᠤᠰ)  ᠤᠨ ᠬᠢᠯᠢ ᠳᠠᠮᠨᠠᠭᠰᠠᠨ ᠵᠢᠭᠤᠯᠴᠢᠯᠠᠯ ᠤᠨ ᠱᠤᠭᠤᠮ ᠢ ᠬᠠᠮᠲᠤᠪᠠᠷ ᠴᠤᠭᠴᠠᠯᠠᠬᠤ ᠪᠡᠷ ᠪᠤᠢ᠃

    ᠬᠤᠷᠠᠯ ᠳᠤ᠂ ᠮᠠᠨᠵᠤᠤᠷ ᠬᠤᠲᠠ ᠶᠢᠨ ᠳᠠᠷᠤᠭ᠎ᠠ ᠰᠢᠦᠢ ᠠᠢ ᠯᠢᠶᠠᠨ ᠮᠠᠨᠵᠤᠤᠷ ᠤᠨ ᠦᠪᠡᠷᠮᠢᠴᠡ ᠵᠢᠭᠤᠯᠴᠢᠯᠠᠯ ᠤᠨ ᠡᠬᠢ ᠰᠤᠷᠪᠤᠯᠵᠢ ᠪᠤᠯᠤᠨ ᠳᠤᠮᠳᠠᠳᠤ ᠤᠷᠤᠰ ᠮᠣᠩᠭᠣᠯ ᠭᠤᠷᠪᠠᠨ ᠤᠯᠤᠰ ᠤᠨ ᠦᠪᠡᠷᠮᠢᠴᠡ ᠵᠢᠭᠤᠯᠴᠢᠯᠠᠯ ᠤᠨ ᠪᠦᠲᠦᠭᠡᠭ᠍ᠲᠡᠬᠦᠨ ᠢ ᠲᠠᠨᠢᠯᠴᠠᠭᠤᠯᠪᠠ᠃ ᠲᠠᠷᠨ ᠢᠯᠡᠷᠬᠡᠶᠢᠯᠡᠭᠰᠡᠨ ᠨᠢ᠂ ᠮᠠᠨᠵᠤᠤᠷ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠪᠦᠰᠡ ᠶᠢ ᠢᠳᠡᠪᠬᠢᠲᠠᠢ ᠪᠠᠢᠢᠭᠤᠯᠵᠦ᠂ ᠳᠤᠮᠳᠠᠳᠤ ᠤᠷᠤᠰ ᠤᠨ ᠬᠢᠯᠢ ᠳᠠᠮᠨᠠᠭᠰᠠᠨ ᠵᠢᠭᠤᠯᠴᠢᠯᠠᠯ ᠤᠨ ᠬᠠᠮᠲᠤ ᠶᠢᠨ ᠠᠵᠢᠯᠯᠠᠭᠠᠨ ᠤ ᠪᠦᠰᠡ ᠶᠢ ᠭᠤᠶᠤᠴᠢᠯᠠᠵᠤ ᠪᠠᠶᠢᠭᠤᠯᠤᠨ᠂ ᠤᠯᠠᠨ ᠤᠯᠤᠰ ᠤᠨ ᠴᠢᠨᠠᠷᠲᠠᠢ ᠲᠡᠷᠢᠭᠦᠨ ᠤ ᠵᠢᠭᠤᠯᠴᠢᠯᠠᠯ ᠤᠨ ᠵᠤᠷᠢᠯᠭᠠᠲᠤ ᠪᠦᠰᠡ ᠶᠢ ᠪᠠᠶᠢᠭᠤᠯᠬᠤ ᠪᠡᠷ ᠴᠢᠷᠮᠠᠶᠢᠨ᠎ᠠ ᠭᠡᠰᠡᠨ ᠪᠠᠶᠢᠯ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121068505