蒙古文网站Logo
ᠰᠢᠨᠬᠤᠸᠠ ᠮᠤᠩᠭ᠋ᠤᠯ ᠨᠧᠲ

ᠰᠢᠯᠢᠩᠬᠤᠳᠠ ᠶ᠋ᠢᠨ ATM ᠮᠠᠰᠢᠨ ᠮᠤᠩᠭᠤᠯ ‍ᠢᠶ᠋ᠡᠷ ᠦᠢᠯᠡᠴᠢᠯᠡᠬᠦ ᠴᠢᠳᠠᠮᠵᠢ ᠲᠠᠢ ᠪᠤᠯᠤᠯ᠎ᠠ

2017-06-01 11:53

    ᠰᠢᠯᠢᠩᠬᠤᠳᠠ ᠶ᠋ᠢᠨ ᠬᠦᠳᠡᠭᠡ ᠳᠤᠰᠬᠤᠨ ‍ᠤ ᠬᠤᠷᠰᠢᠶᠠᠵᠢᠯ ‍ᠤᠨ ᠪᠠᠩᠭᠢ ᠨᠠᠮ ‍ᠤᠨ ᠠᠷᠪᠠ ᠶᠢᠰᠦᠳᠦᠭᠡᠷ ᠶᠡᠬᠡ ᠬᠤᠷᠠᠯ ‍ᠤᠨ ᠠᠮᠵᠢᠯᠳᠠ ᠲᠠᠢ ᠬᠤᠷᠠᠯᠳᠤᠬᠤ ᠶ᠋ᠢ ᠪᠡᠯᠭᠡᠳᠡᠨ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠡᠨ 70 ᠵᠢᠯ ‍ᠤᠨ ᠤᠢ ᠶ᠋ᠢᠨ ᠪᠠᠶᠠᠷ ᠲᠠᠭᠠᠨ ᠪᠡᠯᠡᠭ ᠪᠤᠯᠭᠠᠵᠦ᠂ ᠮᠤᠩᠭᠤᠯ ᠬᠡᠯᠡ ᠪᠢᠴᠢᠭ᠌ ᠤᠨ ᠠᠵᠢᠯ ‍ᠤᠨ ᠳᠦᠷᠢᠮ ᠨᠡᠶᠢᠳᠡᠯᠡᠭᠳᠡᠭᠰᠡᠨ 12 ᠵᠢᠯ ‍ᠤᠨ ᠤᠢ ᠶ᠋ᠢ ᠳᠤᠷᠠᠰᠬᠠᠨ᠂ ᠤᠷᠴᠢᠮᠬᠠᠨ ATM ᠮᠠᠰᠢᠨ ᠳ᠋ᠠᠭᠠᠨ ᠮᠤᠩᠭᠤᠯ ᠬᠡᠯᠡᠨ ‍ᠤ ᠦᠢᠯᠡᠴᠢᠯᠡᠭᠡ ᠶ᠋ᠢᠨ ᠴᠢᠳᠠᠮᠵᠢ ᠤᠬᠰᠠᠷᠠᠵᠦ᠂ ᠬᠡᠷᠡᠭᠯᠡᠭᠴᠢᠳ ᠲᠡᠭᠡᠨ ᠳᠦᠭᠦᠮ ᠦᠵᠡᠭᠦᠯᠵᠦ᠂ ᠮᠠᠯᠴᠢᠳ ‍ᠤᠨ ‍ᠢᠶ᠋ᠡᠨ ᠬᠠᠯᠠᠭᠤᠨ ᠤᠬᠳᠤᠯᠭ᠎ᠠ ᠶ᠋ᠢ ᠤᠯᠵᠦ ᠪᠠᠶᠢᠨ᠎ᠠ᠃

    ᠰᠢᠯᠢᠩᠬᠤᠳᠠ ᠶ᠋ᠢᠨ ᠪᠡᠶᠢᠰᠡ ᠶ᠋ᠢᠨ ᠰᠦᠮ᠎ᠠ ᠵᠡᠭᠡᠯᠢ ᠶ᠋ᠢᠨ《ᠬᠦᠳᠡᠭᠡ ᠳᠤᠰᠬᠤᠨ ‍ᠤ ᠬᠤᠷᠰᠢᠶᠠᠵᠢᠯ ‍ᠤᠨ ᠪᠠᠩᠭᠢ》 ᠳ᠋ᠥ ᠰᠢᠯᠢᠩᠬᠤᠳᠠ ᠶ᠋ᠢᠨ ᠪᠤᠯᠭᠠᠨ ᠰᠤᠮᠤᠨ ‍ᠤ ᠮᠠᠯᠴᠢᠨ ᠨᠠᠰᠤᠨᠪᠠᠶᠠᠷ᠂ ᠭᠡᠷᠭᠡᠢ ᠡᠷᠳᠡᠨᠢᠳᠤᠶᠠᠭ᠎ᠠ ᠲᠠᠢ ᠪᠠᠨ ᠬᠤᠶᠠᠭᠤᠯᠠ ᠶᠠᠭ ᠵᠤᠭᠤᠰ ᠭᠠᠷᠭᠠᠵᠦ ᠠᠪᠴᠦ ᠪᠠᠶᠢᠭ᠎ᠠ ᠲᠠᠢ ᠲᠠᠭᠠᠷᠢᠯᠳᠤᠯ᠎ᠠ᠃ ᠨᠠᠰᠤᠨᠪᠠᠶᠠᠷ᠄ 《ᠪᠢᠳᠠ ᠦᠷᠭᠦᠯᠵᠢ ᠮᠤᠩᠭᠤᠯ ᠴᠢᠳᠠᠮᠵᠢ ᠶ᠋ᠢ ᠨᠢ ᠬᠡᠷᠡᠭᠯᠡᠳᠡᠭ᠂ ᠲᠤᠩ ᠳᠦᠭᠦᠮ ᠪᠤᠯᠵᠠᠢ᠃ ᠳᠡᠯᠭᠡᠴᠡᠠ ᠳᠡᠭᠡᠷ᠎ᠠ ᠨᠢ ᠮᠤᠩᠭᠤᠯ ᠦᠰᠦᠭ ᠢᠯᠡᠷᠡᠬᠦ ᠪᠠᠷ ᠪᠠᠷᠠᠬᠤ ᠦᠬᠡᠢ ᠪᠠᠰᠠ ᠮᠤᠩᠭᠤᠯ ‍ᠢᠶ᠋ᠡᠷ ᠠᠯᠬᠤᠮ ᠳᠠᠷᠠᠭ᠎ᠠ ᠲᠠᠢ ᠬᠡᠯᠡᠵᠦ ᠰᠠᠨᠠᠭᠤᠯᠵᠦ ᠪᠠᠶᠢᠨ᠎ᠠ》 ᠭᠡᠵᠦ ᠪᠠᠶᠠᠷᠯᠠᠨ ᠬᠡᠯᠡᠯ᠎ᠡ᠃

    ᠰᠢᠯᠢᠩᠬᠤᠳᠠ ᠶ᠋ᠢᠨ ᠬᠦᠳᠡᠭᠡ ᠳᠤᠰᠬᠤᠨ ‍ᠤ ᠬᠤᠷᠰᠢᠶᠠᠵᠢᠯ ‍ᠤᠨ ᠪᠠᠩᠭᠢ ᠶ᠋ᠢᠨ ᠳᠡᠳ᠋ ᠳᠠᠷᠤᠭ᠎ᠠ ᠪᠤᠤ ᠬᠤᠩ ᠰᠢᠶᠠ ᠄ 《ᠮᠠᠨ ‍ᠤ ᠪᠠᠩᠭᠢ ᠳᠡᠭᠡᠳᠦ ᠱᠠᠳᠤᠨ ‍ᠤ ᠢᠳᠡᠭᠡᠮᠵᠢ ᠶ᠋ᠢᠨ ᠬᠤᠷᠰᠢᠶᠠᠨ ‍ᠤ 〈 ᠴᠦᠭᠡᠨ ᠲᠤᠭᠠᠳᠦ ᠦᠨᠳᠦᠰᠦᠳᠡᠨ ‍ᠤ ᠬᠡᠷᠡᠭᠯᠡᠭᠴᠢᠳ ᠲᠤ ᠨᠡᠩ ᠰᠠᠶᠢᠨ ᠮᠦᠩᠭᠦᠨ ᠭᠦᠢᠯᠭᠡᠭᠡᠨ ‍ᠤ ᠦᠢᠯᠡᠴᠢᠯᠡᠭᠡ ᠬᠠᠩᠭᠠᠬᠤ〉ᠱᠠᠭᠠᠷᠳᠠᠯᠭ᠎ᠠ ᠶᠤᠰᠤᠭᠠᠷ᠂ ᠪᠦᠬᠦ ᠬᠤᠳᠠ ᠶ᠋ᠢᠨ 23 ᠦᠢᠯᠡᠴᠢᠯᠡᠭᠡᠨ ‍ᠤ ᠴᠡᠭ ‍ᠤᠨ 36 ᠰᠠᠤᠷᠢ ATM ᠮᠠᠰᠢᠨ ᠳ᠋ᠠᠭᠠᠨ ᠪᠦᠷ ᠮᠤᠩᠭᠤᠯ ᠬᠡᠯᠡᠨ ‍ᠤ ᠦᠢᠯᠡᠴᠢᠯᠡᠭᠡ ᠶ᠋ᠢᠨ ᠴᠢᠳᠠᠮᠵᠢ ᠤᠬᠰᠠᠷᠠᠵᠠᠢ᠃ ᠵᠢᠯ ‍ᠤᠨ ᠡᠬᠢᠨ ᠡᠴᠠ ᠡᠯ᠎ᠠ ᠵᠦᠢᠯ ‍ᠤᠨ ᠮᠡᠷᠭᠡᠵᠢᠯ ‍ᠤᠨ ᠪᠤᠭᠤᠮᠳᠠ ᠶ᠋ᠢ ᠦᠩᠭᠡᠷᠡᠭᠡᠨ᠂ ᠳᠤᠷᠰᠢᠨ ᠬᠡᠷᠡᠭᠯᠡᠬᠦ ᠶ᠋ᠢ ᠳᠠᠮᠵᠢᠭᠠᠳ᠂ ᠲᠠᠪᠤᠳᠤᠭᠠᠷ ᠰᠠᠷ᠎ᠠ ᠡᠴᠠ ᠵᠢᠩᠭᠢᠨᠢ ᠪᠠᠷ ᠠᠰᠢᠬᠯᠠᠯᠳᠠ ᠳ᠋ᠥ ᠤᠷᠤᠭᠤᠯᠵᠦ᠂ ᠤᠳᠤ ᠪᠦᠷ ᠰᠠᠭᠠᠳᠤᠯ ᠦᠭᠡᠢ ᠠᠵᠢᠯᠠᠯᠵᠦ ᠪᠠᠶᠢᠨ᠎ᠠ 》ᠭᠡᠵᠦ ᠪᠠᠶᠢᠳᠠᠯ ‍ᠢᠶ᠋ᠡᠨ ᠲᠠᠨᠢᠯᠴᠠᠭᠤᠯᠤᠯ᠎ᠠ᠃ (ᠰᠢᠯᠢ ᠶ᠋ᠢᠨ ᠬᠤᠳᠠ ᠶ᠋ᠢᠨ ᠲᠤᠭ᠎ᠠ ᠪᠦᠷᠢᠳᠭᠡᠯ ‍ᠤᠨ ᠲᠤᠪᠴᠢᠢ᠎ᠠ ᠶᠢᠨ ᠴᠢᠷᠮ᠎ᠠ)

ᠢᠷᠡᠯᠳᠡ᠄ ᠰᠢᠨᠬᠤᠸᠠ ᠮᠣᠩᠭᠣᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121068792